ᠳ᠋ᠦᠩᠱᠧᠩ ᠤᠨ ᠮᠡᠳᠡᠭᠡ 2022 ᠣᠨ ᠠᠴᠠ ᠨᠠᠭᠠᠰᠢ᠂ ᠳ᠋ᠦᠩᠱᠧᠩ ᠲᠣᠭᠤᠷᠢᠭ ᠤᠨ ᠴᠡᠴᠡᠷᠯᠢᠭ ᠵᠡᠭᠡᠯᠢ ᠬᠦᠴᠦᠨ ᠪᠦᠬᠦᠢ ᠠᠷᠭ᠎ᠠ ᠭᠡᠮᠵᠢᠶ᠎ᠡ ᠠᠪᠴᠤ᠂ | ᠦᠢᠯᠡᠴᠢᠯᠡᠭᠡ ᠪᠠᠨ ᠰᠠᠶᠢᠵᠢᠷᠠᠭᠤᠯᠤᠨ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠪᠡ᠃ ᠴᠡᠴᠡᠷᠯᠢᠭ ᠵᠡᠭᠡᠯᠢ ᠶᠢᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠨᠢ ︽ᠨᠢᠭᠡ ᠥᠷᠲᠡᠭᠡᠴᠢᠯᠡᠭᠰᠡᠨ ᠦᠢᠯᠡᠴᠢᠯᠡᠭᠡ︾ ᠪᠠ ︽ᠬᠡᠷ ᠲᠤᠨᠢ ᠬᠦᠷᠴᠦ ᠦᠢᠯᠡᠴᠢᠯᠡᠬᠦ︾ ᠦ᠋ᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠭᠦᠢᠴᠡᠳᠭᠡᠬᠦ 6 ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠦᠷᠦᠯ ᠤᠨ | ᠲᠤᠬᠠᠶᠢᠯᠠᠭᠰᠠᠨ ᠠᠵᠢᠯ ᠤᠨᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠵᠦ᠂ 11 ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ ᠶᠢ ᠨᠡᠭᠡᠭᠡᠪᠡ᠃ | 2022ᠣᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 39 ᠵᠦᠢᠯᠡᠰ ᠢ ᠡᠮᠬᠢᠯᠡᠨ ᠨᠡᠶᠢᠯᠡᠬᠦᠯᠵᠦ᠂ ᠡᠯ᠎ᠡ ᠲᠦᠷᠦᠯ ᠤᠨ ᠲᠤᠬᠠᠶᠢᠯᠠᠭᠰᠠᠨᠠᠵᠢᠯ ᠢ 3. | 3 ᠲᠦᠮᠡ ᠭᠠᠷᠤᠶ ᠭᠦᠢᠴᠡᠳᠭᠡᠪᠡ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠨᠡᠶᠢᠭᠡᠮ ᠵᠢᠷᠤᠮ ᠤᠨᠭᠤᠣᠯᠯᠠᠭᠴᠢ | ᠦᠷᠳᠡᠭ ᠤᠨ ᠦᠵᠡᠯᠲᠡ ᠶᠢ ᠪᠣᠢ ᠪᠤᠯᠭᠠᠨ ᠦᠢᠯᠡᠳᠦᠯᠭᠡᠵᠢᠭᠦᠯᠬᠦ ᠪᠠᠷ ᠭᠤᠣᠯ ᠰᠢᠵᠢᠮ ᠪᠣᠯᠭᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠪᠠ ᠤᠯᠠᠨ | ᠲᠦᠮᠡᠨ ᠤ ᠦᠢᠯᠡᠴᠢᠯᠡᠭᠡᠨ ᠤ ᠲᠥᠪ ᠪᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠦᠷᠳᠡᠭᠡ︶ ᠲᠤ ᠲᠦᠰᠢᠭᠯᠡᠨ᠂ ᠮᠡᠳᠡᠯᠭᠡ ᠶᠢᠨ | ᠲᠠᠶᠢᠯᠤᠮᠵᠢ ᠬᠢᠬᠦ᠂ ᠲᠤᠰᠬᠠᠢ ᠮᠡᠷᠭᠡᠵᠢᠯᠲᠡᠨ ᠬᠢᠴᠢᠶᠡᠯᠯᠡᠬᠦ᠂ ᠲᠣᠭᠤᠷᠢᠨ ᠦᠵᠡᠵᠦᠰᠠᠨᠠᠯ ᠢᠶᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠺᠠᠳ᠋ᠷ ᠠᠵᠢᠯᠳᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠤᠯᠠᠨ ᠲᠦᠮᠡᠨ ᠳᠤ ᠦᠢᠯᠡᠴᠢᠯᠡᠬᠦ ᠬᠢᠷᠢ | ᠲᠦᠪᠰᠢᠨ ᠢ ᠴᠢᠨᠠᠭᠰᠢᠳᠠᠲ᠋ᠡᠭᠡᠭᠰᠢᠯᠡᠭᠦᠯᠪᠡ᠃ ᠤᠯᠠᠨ ᠲᠦᠮᠡᠨ ᠤ ᠰᠤᠷᠤᠯᠴᠠᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠤᠯᠠᠨ ᠲᠦᠮᠡᠨ ᠤ ᠡᠯ᠎ᠡ ᠲᠦᠷᠦᠯ ᠤᠨ | ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠤᠨ᠂ ᠺᠠᠳ᠋ᠷ ᠢ ᠬᠥᠮᠦᠵᠢᠭᠦᠯᠦᠭᠰᠡᠨ ᠦᠷ᠎ᠡ ᠪᠦᠲᠦᠭᠡᠯ ᠤᠨ ᠲᠡᠮᠳᠡᠭᠯᠡᠯ ᠢ ᠪᠠᠶᠢᠭᠤᠯᠵᠤ᠂ ᠪᠣᠯᠪᠠᠰᠤᠷᠠᠯ ᠬᠥᠮᠦᠵᠢᠯ ᠤᠨ | ᠦᠷ᠎ᠡ ᠪᠦᠲᠦᠭᠡᠯ ᠢ ᠦᠨᠡᠨ ᠬᠦ ᠳᠡᠭᠡᠭᠰᠢᠯᠡᠭᠦᠯᠪᠡ᠃ 2022 ᠣᠨ ᠠᠴᠠ ᠨᠠᠭᠠᠰᠢ᠂ ᠭᠤᠣᠯ ᠳᠤᠭᠤᠶᠢᠯᠠᠩ ᠤᠨᠲ᠋ᠤᠰᠬᠠᠢ ᠰᠡᠳᠦᠪᠲᠦ ᠰᠤᠷᠤᠯᠴᠠᠯᠭ᠎ᠠ ᠶᠢ 13 | ᠤᠳᠠᠭ᠎ᠠ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯ ᠢ 9 ᠤᠳᠠᠭ᠎ᠠ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ 2 ᠤᠳᠠᠭ᠎ᠠ ᠥᠷᠨᠢᠭᠦᠯᠵᠦ᠂ | ᠪᠠᠶᠢᠴᠠᠭᠠᠨ ᠰᠤᠳᠤᠯᠤᠯᠲᠠ ᠶᠢᠨ ᠮᠠᠲ᠋ᠧᠷᠢᠶᠠᠯ ᠢ 10 ᠬᠤᠪᠢ ᠪᠦᠷᠢᠯᠳᠦᠭᠦᠯᠵᠦ᠂ ᠠᠵᠢᠯ ᠤᠨ ᠪᠠᠶᠢᠷᠢ ᠶᠢᠨ ᠪᠣᠯᠪᠠᠰᠤᠷᠠᠯ ᠢ 24 ᠤᠳᠠᠭ᠎ᠠ ᠥᠷᠨᠢᠭᠦᠯᠵᠡᠢ᠃ | ᠴᠡᠴᠡᠷᠯᠢᠭ ᠵᠡᠭᠡᠯᠢ ᠭᠤᠳᠤᠮᠵᠢ ᠶᠢᠨ ᠬᠤᠳᠠᠯᠳᠤᠭᠠᠴᠢᠳ ᠤᠨ ᠡᠪᠯᠡᠯ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳ᠋ᠤ᠋ᠪᠣᠳᠠᠲᠠᠶ ᠠᠵᠢᠯ | ᠬᠢᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠬᠤᠳᠠᠯᠳᠤᠭᠠᠴᠢᠳ ᠤᠨ ᠡᠪᠯᠡᠯ ᠤᠨ ᠦᠢᠯᠡᠰ ᠪᠠ ᠦᠨᠳᠦᠰᠦᠨᠱᠠᠲᠤᠨ ᠤ ᠵᠠᠰᠠᠯᠲᠠ ᠶᠢᠨ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠴᠡᠴᠡᠷᠯᠢᠭ ᠵᠡᠭᠡᠯᠢ ᠭᠤᠳᠤᠮᠵᠢ ᠬᠦᠬᠦᠷᠬᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠬᠤᠳᠠᠯᠳᠤᠭᠠᠴᠢᠳ ᠤᠨ ᠡᠪᠯᠡᠯ ᠤᠨ ᠥᠪᠡᠷᠮᠢᠴᠡ ᠳᠠᠪᠠᠭᠤᠯᠢᠭ ᠢ ᠠᠰᠢᠭᠯᠠᠨ᠂ ᠬᠠᠷᠢᠶ᠎ᠠ ᠲᠤᠭᠤᠷᠢᠭ ᠤᠨ ᠡᠬᠢ ᠪᠠᠶᠠᠯᠢᠭ ᠢᠶᠠᠨ ᠤᠯᠠᠮ ᠨᠢᠭᠡ ᠠᠯᠬᠤᠮ ᠡᠮᠬᠢᠯᠡᠨ | ᠨᠡᠶᠢᠯᠡᠭᠦᠯᠵᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠶᠢ 44 | ᠲᠠᠯᠠᠪᠠᠢ ᠤᠳᠠᠭ᠎ᠠ ᠥᠷᠨᠢᠭᠦᠯᠵᠦ᠂ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ | ᠲᠡᠭᠡᠭᠰᠢᠯᠡᠬᠦᠯᠪᠡ᠃ |