鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        2021 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2021/12/21
           — 2021 ᠤᠨ ᠤ 3 ᠰᠠᠷ᠎ᠠ ᠶᠢᠨ 3᠎ ᠤ ᠡᠳᠦᠷ ᠤᠷᠳᠤᠰ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ                                ᠤᠷᠤᠯᠠᠭᠴᠢ ᠬᠤᠳᠠ ᠶᠢᠨ ᠲᠠᠷᠤᠭ᠎ᠠ   ᠯᠢ ᠯᠢᠲᠦᠯᠦᠭᠡᠯᠡᠭᠴᠢᠳ ᠡ᠄    ᠤᠳᠤ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠠ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃    ᠨᠢᠭᠡ᠂ 2020 ᠤᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠷᠬᠢᠴᠡᠬᠦᠯᠦᠯ    2020 ᠤᠨ ᠪᠤᠯ ᠤᠷᠳᠤᠰ ᠤᠨ ᠬᠦᠭᠵᠢᠯᠳᠡ ᠶᠢᠨ ᠲᠡᠦᠭᠡᠨ ᠳᠠᠬᠢ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠲᠦᠪᠡᠭ ᠪᠤᠳᠤᠯᠢᠶᠠᠨᠳᠠᠢ ᠬᠤᠪᠢᠷᠠᠯᠳᠠ ᠶᠡᠭᠡᠳᠡᠢ ᠠᠵᠤ ᠠᠬᠤᠢ ᠶᠢᠨ ᠪᠠᠶᠢᠳᠠᠯ ᠪᠠ ᠤᠯᠠᠨ ᠵᠦᠢᠯ ᠤᠨ ᠠᠰᠠᠭᠤᠳᠠᠯ ᠵᠦᠷᠢᠴᠡᠯ ᠮᠦᠷᠬᠦᠯᠳᠦᠭᠡᠨ ᠰᠤᠯᠪᠢᠴᠠᠭᠰᠠᠨ ᠬᠠᠳᠠᠭᠤ ᠴᠢᠩᠭ᠎ᠠ ᠰᠢᠯᠭᠠᠯᠳᠠ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠤ ᠨᠤᠴᠢᠳᠠᠢ ᠲᠠᠭᠠᠷᠢᠯᠳᠠ ᠶᠢᠨ ᠡᠮᠦᠨ᠎ᠡ᠂ ᠪᠢᠳᠡ ᠲᠦᠪ᠂ ᠦᠪᠡᠷᠳᠡᠭᠡᠨ ᠵᠠᠰᠠᠬᠤ ᠤᠷᠤᠨ ᠎ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠢᠳᠡᠭᠡᠯ ᠵᠤᠷᠢᠭ ᠢᠶᠠᠨ ᠪᠠᠳᠤᠳᠬᠠᠨ᠂ ᠬᠠᠳᠠᠭᠤ ᠪᠡᠷᠭᠡᠰᠢᠶᠡᠯ ᠢ ᠴᠢᠷᠮᠠᠶᠢᠨ ᠲᠤᠭᠤᠯᠤᠨ ᠲᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠤᠯᠳᠡᠢ ᠲᠦᠯᠦᠪᠯᠡᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠣᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠡ ᠶᠡᠷᠦᠩᠭᠡᠢ ᠳᠡᠭᠡᠨ ᠲᠤᠭᠳᠠᠭᠤᠨ ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠯ ᠲᠠᠢ ᠠᠮᠤᠷ ᠲᠤᠭᠳᠠᠭᠤᠨ ᠪᠠᠶᠢᠨ᠎ᠠ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 3533.7 ᠳ᠋ᠦᠡᠭᠰᠢᠭᠤᠷ ᠲᠦᠬᠦᠷᠢᠭ ᠪᠡᠶᠡᠯᠡᠬᠦᠯᠵᠦ᠂ ᠡᠩ ᠤᠨ ᠤᠯᠠᠨ ᠨᠠᠶᠢᠳᠡ ᠶᠢᠨ ᠲᠦᠰᠦᠪ ᠤᠨ ᠤᠷᠤᠯᠭ᠎ᠠ ᠶᠢ 464.9 ᠳ᠋ᠦᠡᠭᠰᠢᠭᠤᠷ ᠲᠦᠬᠦᠷᠢᠭ ᠪᠡᠶᠡᠯᠡᠬᠦᠯᠦᠨ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 6%᠎ ᠪᠠᠷ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠲᠤᠰᠪᠤᠷᠢ 1.1% ᠪᠠ 7.5%᠎ ᠪᠠᠷ ᠨᠡᠮᠡᠭᠳᠡᠪᠡ᠃    ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠨᠢ ᠭᠦᠴᠦᠨ ᠲᠠᠢ ᠮᠦᠷᠳᠡᠭᠡᠨ ᠪᠦᠳᠦᠮᠵᠢᠳᠡᠢ ᠪᠠᠶᠢᠨ᠎ᠡ᠃ ᠠᠷᠠᠳ ᠲᠦᠮᠡᠨ ᠢ ᠲᠡᠬᠡᠳᠦᠯᠡᠵᠣ᠂ ᠠᠮᠢ ᠨᠠᠰᠤ ᠶᠢ ᠡᠷᠬᠢᠮᠯᠡᠬᠦ ᠶᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠢᠯᠠᠨ ᠲᠠᠷᠤᠬᠤ ᠪᠠᠷ ᠪᠦᠬᠦ ᠬᠦᠴᠦᠨ ᠢᠶᠠᠷ ᠢᠶᠠᠨ ᠡᠷᠡᠮᠡᠬᠡᠶᠢᠯᠠᠨ  ᠲᠡᠮᠡᠴᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠲᠤᠭᠳᠠᠯᠴᠠᠭ᠎ᠠ ᠶᠢ ᠲᠠᠷᠤᠢ ᠳᠤᠨᠢ ᠪᠠᠶᠢᠭᠤᠯᠵᠤ᠂ ︽ᠲᠦᠷᠪᠡᠨ ᠡᠷᠳᠡ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠤᠭᠠᠯᠠᠨ ᠰᠡᠷᠭᠡᠶᠢᠯᠡᠨ ᠬᠤᠯᠪᠤᠭᠠᠯᠠᠨ ᠡᠵᠡᠮᠳᠡᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠵᠦ᠂ ᠬᠢᠵᠢᠭ ᠤᠨ ᠪᠠᠶᠢᠳᠠᠯ ᠤᠨ ᠲᠠᠷᠬᠠᠨ ᠲᠠᠯᠬᠡᠷᠡᠬᠦ ᠶᠢ ᠲᠦᠷᠭᠡᠨ ᠢᠶᠠᠷ ᠬᠤᠷᠢᠭᠯᠠᠨ᠂ 42 ᠬᠤᠨᠤᠭ ᠲᠤ ᠤᠨᠤᠰᠢᠯᠠᠭᠰᠠᠨ ᠡᠪᠡᠳᠴᠢᠳᠡᠨ ᠤ ᠵᠢᠱᠢᠶ᠎ᠡ ᠦᠭᠡᠢ ᠪᠤᠯᠭᠠᠬᠤ ᠶᠢ ᠪᠡᠶᠡᠯᠡᠬᠦᠯᠪᠡ᠃ 5 ᠪᠦᠯᠦᠭ ᠤᠳᠠᠭ᠎ᠠ ᠶᠢᠨ 50 ᠬᠦᠮᠦᠨ ᠤ ᠡᠮᠨᠡᠯᠭᠡ ᠶᠢᠨ ᠠᠩᠬᠢ ᠶᠢ ᠲᠤᠮᠢᠯᠠᠨ ᠬᠤᠪᠸᠢ ᠮᠤᠵᠢ ᠶᠢ ᠲᠤᠰᠠᠯᠠᠵᠤ᠂ ᠪᠦᠬᠦ ᠤᠷᠤᠨ ᠤ ᠬᠤᠪᠸᠢ ᠮᠤᠵᠢ ᠶᠢ ᠲᠤᠰᠠᠯᠠᠭᠰᠠᠨ ᠡᠮᠨᠡᠯᠭᠡ ᠶᠢᠨ ᠠᠩᠬᠢ ᠶᠢᠨ ᠪᠤᠴᠠᠨ ᠢᠷᠡᠵᠦ ᠠᠮᠠᠷᠠᠭᠤᠯᠤᠨ ᠴᠡᠭᠴᠡᠯᠡᠬᠦ ᠦᠢᠯᠡᠴᠢᠯᠡᠭᠡ ᠶᠢᠨ ᠪᠠᠳᠤᠯᠠᠭ᠎ᠠ ᠶᠢᠨ ᠡᠬᠦᠷᠭᠡ ᠶᠢ ᠲᠡᠬᠦᠰ ᠠᠮᠵᠢᠯᠳᠠ ᠲᠠᠢ ᠪᠡᠶᠡᠯᠡᠬᠦᠯᠪᠡ᠃ ︽ᠭᠠᠳᠠᠨ᠎ᠠ ᠠᠴᠠ ᠬᠠᠯᠳᠠᠪᠦᠷᠢᠯᠠᠨ ᠤᠷᠤᠵᠤ ᠢᠷᠡᠬᠦ ᠶᠢ ᠰᠡᠷᠭᠡᠶᠢᠯᠡᠨ᠂ ᠲᠤᠳᠤᠭᠠᠳᠤ ᠳᠠᠭᠠᠨ ᠲᠠᠬᠢᠨ ᠲᠡᠯᠬᠡᠷᠡᠬᠦ ᠶᠢ ᠰᠡᠷᠭᠡᠶᠢᠯᠡᠬᠦ︾ ᠎ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠪᠠᠶᠢᠩᠭᠤᠵᠢᠭᠤᠯᠤᠨ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠢᠨᠡᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠪᠡ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠬᠢᠬᠦ ᠶᠢ ᠴᠢᠩᠭᠠᠳᠬᠠᠵᠤ᠂ ᠠᠵᠢᠯ ᠦᠢᠯᠡᠳᠪᠦᠷᠢᠯᠡᠯ ᠵᠠᠬ᠎ᠠ ᠲᠡᠯᠬᠡᠭᠦᠷ ᠢ ᠰᠡᠷᠬᠦᠭᠡᠬᠦ᠂ ᠰᠤᠷᠭᠠᠭᠤᠯᠢ ᠡᠬᠢᠯᠡᠬᠦ ᠶᠢ ᠰᠡᠷᠬᠦᠭᠡᠬᠦ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠭᠳᠠᠭᠤᠯᠪᠠ᠃ ᠪᠦᠭᠡᠮ ᠬᠦᠴᠢᠯ ᠢ ᠪᠠᠶᠢᠴᠠᠭᠠᠨ ᠭᠡᠮᠵᠢᠬᠦ ᠴᠢᠳᠠᠪᠤᠷᠢ ᠎ ᠶᠢ ᠲᠡᠭᠡᠭᠰᠢᠯᠡᠬᠦᠯᠵᠦ᠂ ᠭᠤᠤᠯᠳᠠᠯᠭ᠎ᠠ ᠲᠠᠢ ᠬᠦᠮᠦᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠷᠨᠢᠬᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠎ ᠳᠤ᠂ ᠦᠷᠭᠡᠨ ᠤᠯᠠᠨ ᠡᠮᠴᠢ ᠠᠵᠢᠯᠳᠠᠳ ᠶᠤᠰᠤ ᠵᠢᠷᠤᠮ ᠤᠨ ᠲᠦᠯᠦᠭᠡ ᠡᠷᠡᠭᠡᠯᠵᠡᠯ ᠦᠭᠡᠢ ᠪᠠᠷ ᠠᠮᠢ ᠨᠠᠰᠤ ᠶᠢ ᠠᠪᠤᠷᠠᠵᠤ᠂ ᠨᠡᠶᠢᠭᠡᠮ ᠲᠤᠭᠤᠷᠢᠭ ᠤᠨ ᠠᠵᠢᠯᠳᠠᠳ ᠂ ᠦᠨᠳᠤᠰᠤᠨ ᠱᠠᠳᠤᠨ ᠤ ᠺᠠᠳ᠋ᠷᠴᠤᠳ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ᠂ ᠰᠤᠨᠢᠨ ᠮᠡᠳᠡᠭᠡᠨ ᠤ ᠠᠵᠢᠯᠳᠠᠳ᠂ ᠰᠠᠶᠢᠨ ᠲᠤᠷᠠᠴᠤᠳ ᠶᠠᠳᠠᠷᠠᠯ ᠵᠦᠳᠡᠷᠡᠯ ᠢ ᠦᠯᠦ ᠬᠠᠶᠢᠬᠤᠷᠤᠨ᠂ ᠨᠢᠭᠡᠳᠦᠭᠡᠷ ᠹᠷᠤᠨᠲ ᠲᠡᠭᠡᠷ᠎ᠡ ᠪᠠᠭᠠᠳᠤᠷᠯᠠᠨ ᠲᠡᠮᠡᠴᠡᠵᠦ᠂ ᠪᠦᠬᠦ ᠬᠤᠳᠠ ᠶᠢᠨ ᠲᠡᠭᠡᠷ᠎ᠡ ᠲᠤᠤᠷ᠎ᠠ ᠱᠠᠳᠤᠨ ᠤ ᠬᠢᠨ᠂ ᠡᠯ᠎ᠡ ᠦᠨᠳᠤᠰᠤᠳᠠᠨ ᠨᠦᠭᠦᠳ ᠤᠨ ᠤᠯᠠᠨ ᠲᠦᠮᠡᠨ ᠡᠯ᠎ᠡ ᠡᠳᠡᠭᠡᠳ ᠤᠨ ᠬᠢᠨ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠬᠠᠮᠳᠤ ᠪᠠᠷ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠭᠤᠤ ᠶᠡᠭᠡ ᠵᠤᠷᠢᠭ ᠰᠠᠨᠠᠭ᠎ᠠ ᠶᠢ ᠬᠦᠢᠴᠡᠳ ᠢᠯᠡᠷᠡᠬᠦᠯᠪᠡ᠃     ᠬᠤᠶᠠᠷ ᠲᠤ ᠲᠤᠭᠳᠠᠭᠤᠨ ᠢᠶᠠᠷ ᠨᠡᠮᠡᠭᠳᠡᠬᠦᠯᠵᠦ ᠠᠵᠢᠯ ᠤᠯᠭᠤᠯᠳᠠ ᠶᠢ ᠪᠠᠳᠤᠯᠠᠭᠰᠠᠨ ᠦᠷ᠎ᠡ ᠪᠦᠳᠦᠮᠵᠢ ᠪᠠᠷ ᠲᠤᠪᠤᠶᠢᠮ᠎ᠠ ᠪᠠᠶᠢᠨ᠎ᠠ᠃ ᠲᠦᠪ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠢ ᠬᠠᠷᠠᠭᠠᠯᠵᠠᠨ ᠬᠦᠴᠢᠷᠳᠡᠯ ᠢ ᠰᠢᠢᠳᠪᠤᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠦᠢᠯᠡᠳᠪᠤᠷᠢᠯᠡᠯ ᠢ ᠰᠡᠷᠭᠦᠭᠡᠨ ᠡᠷᠡᠬᠦᠯ ᠢᠶᠠᠷ ᠬᠦᠭᠵᠢᠬᠦ ᠶᠢ ᠲᠡᠮᠵᠢᠬᠦ 14 ᠠᠷᠭ᠎ᠠ ᠪᠠᠷᠢᠯ ᠢ ᠨᠡᠶᠢᠳᠡᠯᠡᠵᠦ᠂ ᠵᠤᠬᠢᠴᠠᠭᠤᠯᠬᠤ ᠪᠠᠷ ᠲᠠᠮᠵᠢᠨ 127 ᠳ᠋ᠦᠡᠭᠰᠢᠭᠤᠷ ᠲᠦᠬᠦᠷᠢᠭ ᠤᠨ ᠵᠢᠬᠡᠯᠡᠯᠬᠡ ᠶᠢᠨ ᠡᠭᠡ ᠮᠦᠡᠭᠬᠦ ᠶᠢ ᠪᠤᠴᠠᠭᠠᠨ ᠬᠦᠤ ᠮᠦᠡᠭᠬᠦ ᠶᠢ ᠲᠦᠯᠦᠬᠦ ᠬᠤᠭᠤᠴᠠᠭ᠎ᠠ ᠶᠢ ᠬᠤᠶᠢᠰᠢᠯᠠᠭᠤᠯᠵᠤ᠂ 153 ᠳ᠋ᠦᠡᠭᠰᠢᠭᠤᠷ ᠲᠦᠬᠦᠷᠢᠭ ᠤᠨ ᠵᠢᠭᠡᠯᠡᠯᠭᠡ ᠶᠢᠨ ᠬᠤᠭᠤᠴᠠᠭ᠎ᠠ ᠶᠢ ᠤᠷᠳᠤᠳᠬᠠᠨ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠠᠰᠤᠨ ᠰᠦᠢᠳᠭᠡᠯ ᠢ ᠪᠠᠭᠤᠷᠠᠭᠤᠯᠤᠭᠰᠠᠨ ᠲᠤᠭ᠎ᠠ 82.9 ᠳ᠋ᠦᠡᠭᠰᠢᠭᠤᠷ ᠲᠦᠬᠦᠷᠢᠭ ᠲᠤ ᠬᠦᠷᠴᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠴᠡᠪᠡᠷ 148 ᠳ᠋ᠦᠡᠭᠰᠢᠭᠤᠷ ᠲᠦᠬᠦᠷᠢᠭ ᠨᠡᠮᠡᠭᠳᠡᠵᠦ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠡ ᠦᠢᠯᠡᠳᠪᠦᠷᠢᠯᠡᠯ ᠤᠨ ᠬᠡᠮᠵᠢᠶ᠎ᠡ ᠦᠷ᠎ᠡ ᠪᠦᠳᠦᠮᠵᠢ ᠶᠢ ᠪᠠᠷᠢᠮᠵᠢᠶ᠎ᠡ ᠳᠤ ᠬᠦᠷᠭᠡᠬᠦ ᠶᠢ ᠠᠬᠢᠭᠤᠯᠪᠠ᠃ ᠠᠵᠢᠯ ᠤᠯᠭᠤᠯᠳᠠ ᠶᠢ ᠲᠤᠭᠳᠠᠪᠦᠷᠢᠵᠢᠭᠤᠯᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠵᠦ ᠢᠳᠡᠭᠡᠨ ᠤᠮᠳᠠᠭᠠᠨ ᠤ ᠦᠢᠯᠡᠰ ᠢ ᠡᠷᠡᠬᠦᠯ ᠎ ᠢᠶᠠᠷ ᠬᠦᠭᠵᠢᠬᠦᠯᠬᠦ ᠰᠠᠨᠠᠯ ᠲᠤᠭᠳᠠᠭᠠᠵᠤ᠂ ᠰᠢᠭᠤᠳ ᠨᠦᠬᠦᠪᠦᠷᠢᠯᠡᠬᠦ᠂ ᠬᠡᠷᠡᠭᠯᠡᠭᠡ ᠶᠢᠨ ᠲᠡᠮᠳᠡᠭᠳᠤ ᠲᠠᠷᠬᠠᠭᠠᠬᠤ ᠵᠡᠷᠭᠡ ᠠᠷᠭ᠎ᠠ ᠪᠠᠷᠢᠯ ᠠᠪᠴᠤ᠂ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠳᠡ ᠶᠢᠨ ᠲᠠᠷᠤᠭᠠᠰᠤ ᠶᠢ ᠬᠦᠡᠭᠭᠡᠷᠡᠬᠦᠯᠵᠦ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠭᠤᠤᠯᠳᠠᠯᠭ᠎ᠠ ᠲᠠᠢ ᠲᠦᠷᠦᠯ ᠵᠦᠢᠯ ᠤᠨ ᠬᠤᠯᠪᠤᠭᠠᠯᠠᠨ ᠬᠦᠳᠡᠯᠦᠯᠴᠡᠬᠦ ᠲᠤᠭᠳᠠᠴᠠ ᠶᠢ ᠪᠠᠶᠢᠭᠤᠯᠵᠤ᠂ 400 ᠭᠠᠷᠤᠢ ᠲᠦᠷᠦᠯ ᠤᠨ ᠲᠦᠷᠦᠯ ᠵᠦᠢᠯ ᠤᠨ ᠭᠠᠷ ᠬᠦᠢᠴᠡᠳᠭᠡᠯ ᠢ ᠵᠤᠬᠢᠴᠠᠭᠤᠯᠤᠨ ᠬᠦᠢᠴᠡᠳᠭᠡᠨ ᠦᠭᠴᠤ᠂ ᠳ᠋ᠦᠡᠭᠰᠢᠭᠤᠷ ᠲᠦᠬᠦᠷᠢᠭ ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠬᠦᠯᠵᠦ ᠰᠡᠷᠭᠦᠭᠡᠭᠰᠡᠨ ᠨᠤᠷᠮ᠎ᠠ 94%᠎ ᠳᠤ ᠬᠦᠷᠴᠦ᠂ ᠠᠷᠠᠳ ᠤᠨ ᠪᠡᠯᠡ ᠤᠷᠤᠭᠤᠯᠤᠯᠳᠠ 3.8%᠎ ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ 36.8%᠎ ᠪᠠᠷ ᠨᠡᠮᠡᠭᠳᠡᠪᠡ᠃ ᠨᠡᠬᠦᠷᠡᠰᠦᠨ ᠤ ᠬᠠᠨᠭ᠍ᠭᠠᠯᠭ᠎ᠠ ᠶᠢ ᠪᠠᠳᠤᠯᠠᠬᠤ ᠲᠤᠰᠬᠠᠢ ᠠᠵᠢᠯᠯᠠᠭ᠎ᠠ ᠶᠢ ᠬᠡᠷᠡᠭᠵᠢᠬᠦᠯᠵᠦ᠂ ᠪᠦᠬᠦ ᠵᠢᠯ ᠤᠨ ᠨᠡᠬᠦᠷᠡᠰᠦᠨ ᠤ ᠪᠤᠷᠤᠯᠠᠭᠤᠯᠤᠯᠳᠠ ᠶᠢᠨ ᠬᠡᠮᠵᠢᠶ᠎ᠡ 6.7 ᠳ᠋ᠦᠡᠭᠰᠢᠭᠤᠷ ᠲᠤᠨ ᠬᠦᠷᠴᠤ᠂ ᠡᠨᠧᠷᠬᠢ ᠶᠢᠨ ᠬᠠᠨᠭ᠍ᠭᠠᠯᠭ᠎ᠠ ᠶᠢ ᠬᠦᠴᠦᠳᠡᠢ ᠪᠠᠳᠤᠯᠠᠪᠠ᠃ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢ ᠬᠠᠪᠰᠤᠷᠤᠨ ᠲᠠᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠬᠤ ᠨᠦᠬᠦᠪᠦᠷᠢ ᠶᠢ 2.8 ᠳ᠋ᠦᠡᠭᠰᠢᠭᠤᠷ ᠲᠦᠬᠦᠷᠢᠭ ᠪᠠᠭᠤᠯᠭᠠᠵᠣ᠂ 20.9 ᠳ᠋ᠦᠡᠭᠰᠢᠭᠤᠷ ᠲᠦᠬᠦᠷᠢᠭ ᠤᠨ ᠨᠡᠶᠢᠭᠡᠮ ᠤᠨ ᠪᠠᠳᠤᠯᠠᠭ᠎ᠠ ᠎ ᠶᠢᠨ ᠰᠦᠢᠳᠭᠡᠯ ᠢ ᠬᠠᠰᠤᠨ ᠬᠡᠯᠳᠦᠷᠢᠭᠦᠯᠵᠣ᠂ 2180 ᠠᠵᠤ ᠠᠬᠤᠶᠢᠯᠠᠯ᠂ 30.8 ᠲᠦᠮᠡᠨ ᠠᠵᠢᠯᠴᠢᠨ ᠠᠵᠢᠯᠳᠠᠨ ᠳᠤ ᠠᠰᠢᠭ ᠬᠦᠷᠳᠡᠭᠡᠵᠦ᠂ ᠬᠤᠳᠠ ᠪᠠᠯᠭᠠᠰᠤ ᠎ ᠶᠢᠨ ᠲᠡᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.02%᠎ ᠤᠨ ᠲᠤᠳᠤᠷ᠎ᠠ ᠬᠢᠵᠠᠭᠠᠷᠯᠠᠪᠠ᠃     ᠭᠤᠷᠪᠠ ᠳᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠠᠯᠬᠤᠴᠠ ᠲᠦᠷᠭᠡᠳᠪᠡ᠃ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠶᠡᠭᠡᠪᠡᠷ ᠬᠦᠭᠵᠢᠬᠦᠯᠵᠦ᠂ 18 ᠨᠡᠬᠦᠷᠡᠰᠦᠨ ᠠᠭᠤᠷᠬᠠᠢ ᠤᠶᠤᠨᠴᠢ ᠪᠠᠷ ᠠᠵᠢᠯᠯᠠᠬᠤ ᠶᠢ ᠪᠡᠶᠡᠯᠡᠬᠦᠯᠵᠦ᠂ ᠮᠸᠡᠭ ᠰᠢ ᠠᠴᠠ ᠶᠢᠨ ᠵᠦᠡᠭ ᠬᠦᠷᠬᠦ 1000 ᠺᠢᠯᠤᠸᠤᠯᠲ ᠤᠨ ᠤᠨᠴᠠ ᠦᠨᠳᠤᠷ ᠬᠦᠴᠤᠳᠡᠯᠳᠤ ᠬᠤᠪᠢᠰᠤᠮᠠᠯ ᠬᠦᠶᠦᠳᠡᠯ ᠤᠨ ᠪᠠᠷᠢᠯᠭ᠎ᠠ ᠡᠬᠢᠯᠡᠨ ᠴᠠᠬᠢᠯᠭᠠᠨ ᠬᠦᠷᠭᠡᠵᠦ᠂ ᠱᠠᠨᠳᠦ᠋ᠡᠭ ᠤᠨ ᠡᠨᠧᠷᠬᠢ ᠶᠢᠨ ᠱᠸᠡᠭ ᠯᠤ᠋ ᠴᠠᠬᠢᠯᠭᠠᠨ ᠭᠠᠷᠭᠠᠬᠤ ᠦᠢᠯᠡᠳᠪᠦᠷᠢ᠂ ᠲᠠᠯᠠᠳ ᠤᠨ ᠭᠡᠷᠡᠯ ᠴᠡᠨᠡᠭ ᠤᠨ ᠴᠠᠬᠢᠯᠭᠠᠨ ᠭᠠᠷᠭᠠᠬᠤ ᠭᠡᠷᠡᠭᠯᠡᠭᠡᠨ ᠤ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭ᠎ᠠ ᠎ ᠶᠢᠨ ᠪᠠᠷᠢᠯᠭ᠎ᠠ ᠶᠢ ᠪᠠᠶᠢᠭᠤᠯᠤᠨ ᠪᠦᠳᠦᠭᠡᠪᠡ᠃ ᠪᠤᠤ ᠹᠸᠡᠭ ᠤᠨ ᠠᠩᠬᠠᠳᠤᠭᠠᠷ ᠬᠤᠭᠤᠴᠠᠭᠠᠨ ᠤ 260 ᠲᠦᠮᠡᠨ ᠲᠤᠨ ᠤ ᠨᠡᠬᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠵᠦᠪᠰᠢᠶᠡᠷᠡᠭᠳᠡᠵᠦ᠂ ᠵᠢᠶᠠᠨ ᠶᠤᠸᠠᠨ ᠤ ᠡᠾᠧᠺᠰᠠᠨᠤᠯᠠᠺᠲ᠋ᠠᠨ ᠵᠡᠷᠭᠡ ᠲᠦᠷᠦᠯ ᠵᠦᠢᠯ ᠨᠤᠳᠤᠭᠰᠢᠨ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ᠃ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠲᠦᠷᠭᠡᠨ ᠢᠶᠠᠷ ᠪᠤᠶᠢᠵᠢᠭᠤᠯᠵᠤ᠂ 6559 ᠲᠦᠮᠡᠨ ᠭᠡᠰᠡᠭ ᠰᠢᠩᠭᠡᠨ ᠲᠡᠯᠡᠰᠳᠤ ᠦᠵᠡᠬᠦᠯᠦᠭᠦᠷ ᠪᠠ 3 ᠲᠦᠮᠡ ᠰᠢᠬᠠᠮ ᠮᠠᠰᠢᠨ ᠲᠡᠷᠭᠡ ᠦᠢᠯᠡᠳᠪᠦᠷᠢᠯᠡᠵᠦ᠂ ᠵᠤ᠋ ᠵᠸᠦ ᠱᠢ ᠳ᠋ᠠᠢ ᠶᠢᠨ ᠰᠠᠯᠬᠢᠨ ᠤ ᠴᠠᠬᠢᠯᠭᠠᠨ ᠲᠠᠯᠪᠢ ᠶᠢᠨ ᠬᠤᠶᠠᠳᠤᠭᠠᠷ ᠬᠤᠭᠤᠴᠠᠭ᠎ᠠ᠂ ᠵᠢᠦ ᠺᠧ ᠺᠠᠨᠭ᠌ ᠷᠦᠢ ᠶᠢᠨ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠬᠤ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠠᠰᠢᠭᠯᠠᠯᠳᠠ ᠳᠤ ᠤᠷᠤᠪᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠳᠤ ᠤᠷᠤᠭᠤᠯᠤᠭᠰᠠᠨ ᠪᠡᠯᠡ ᠤᠷᠤᠭᠤᠯᠤᠯᠳᠠ 7.2 ᠳ᠋ᠦᠡᠭᠰᠢᠭᠤᠷ ᠲᠦᠬᠦᠷᠢᠭ ᠲᠤ ᠬᠦᠷᠴᠤ᠂ 45.6%᠎ ᠪᠠᠷ ᠨᠡᠮᠡᠭᠳᠡᠵᠦ᠂ ᠰᠢᠨ᠎ᠡ ᠎ ᠪᠠᠷ ᠨᠡᠮᠡᠭᠳᠡᠭᠰᠡᠨ ᠲᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 27᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠦᠪ 22 ᠪᠠᠶᠢᠵᠤ᠂ ᠲᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ 5.5%᠎ ᠪᠠᠷ ᠨᠡᠮᠡᠭᠳᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠬᠦᠭᠵᠢᠵᠦ᠂ ᠮᠠᠨ ᠤ ᠬᠤᠳᠠ ᠪᠦᠬᠦ ᠤᠷᠤᠨ ᠤ ᠴᠤᠷ ᠤᠨ ᠭᠠᠭᠴᠠ ᠤᠯᠤᠰ ᠤᠨ ᠰᠤᠶᠤᠯ ᠪᠠ ᠵᠢᠭᠤᠯᠴᠢᠯᠠᠯ ᠤᠨ ᠬᠡᠷᠡᠭᠯᠡᠭᠡ ᠶᠢᠨ ᠵᠢᠱᠢᠶ᠎ᠡ ᠦᠵᠡᠬᠦᠯᠬᠦ ᠬᠤᠳᠠ ᠪᠤᠯᠵᠤ᠂ ᠬᠢᠶ᠎ᠡ ᠪᠠᠭᠰᠢ ᠲᠤᠭᠤᠷᠢᠭ ᠤᠯᠤᠰ ᠤᠨ ᠪᠦᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢᠶᠠᠷ ᠦᠨᠡᠯᠡᠭᠳᠡᠪᠡ᠃   ᠲᠦᠷᠪᠡ ᠳᠤ ᠠᠮᠢ ᠠᠬᠤᠢ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠢᠮ ᠢ ᠨᠠᠶᠢᠳᠡᠯᠡᠪᠡ᠃ ᠠᠭᠤᠷᠬᠠᠢ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠨ ᠰᠡᠷᠭᠦᠭᠡᠬᠦ ᠰᠠᠭᠤᠷᠢ ᠮᠦᠡᠭᠬᠦᠨ ᠤ ᠬᠠᠮᠢᠶᠠᠷᠤᠯᠳᠠ ᠎ ᠶᠢᠨ ᠠᠷᠭ᠎ᠠ ᠶᠢ ᠲᠤᠭᠳᠠᠭᠠᠵᠤ᠂ ᠪᠤᠳᠤᠵᠤ ᠠᠪᠤᠭᠰᠠᠨ ᠰᠠᠭᠤᠷᠢ ᠮᠦᠡᠭᠬᠦ 54.7 ᠳ᠋ᠦᠡᠭᠰᠢᠭᠤᠷ ᠳᠦᠬᠦᠷᠢᠭ ᠲᠤ ᠬᠦᠷᠴᠤ᠂ ᠪᠡᠶᠡᠯᠡᠬᠦᠯᠦᠭᠰᠡᠨ ᠵᠠᠰᠠᠯᠳᠠ ᠬᠢᠭᠰᠡᠨ ᠲᠠᠯᠠᠪᠠᠢ 27.8 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠪᠡ᠃ ᠵᠠᠳᠠᠭᠠᠢ ᠨᠡᠬᠦᠷᠡᠰᠤᠨ ᠠᠭᠤᠷᠬᠠᠢ ᠶᠢᠨ ᠲᠦᠷ ᠴᠠᠭ ᠬᠡᠷᠡᠭᠯᠡᠬᠦ 11636 ᠡᠾᠧᠺᠲ᠋ᠠᠷ ᠭᠠᠵᠠᠷ ᠎ ᠢ ᠲᠠᠬᠢᠨ ᠬᠠᠭᠠᠯᠪᠤᠷᠢᠯᠠᠬᠤ ᠪᠠ 8867 ᠡᠾᠧᠺᠲ᠋ᠠᠷ ᠭᠠᠵᠠᠷ ᠢ ᠪᠤᠴᠠᠭᠠᠬᠤ ᠶᠢ ᠪᠡᠶᠡᠯᠡᠬᠦᠯᠵᠦ᠂ ᠲᠠᠬᠢᠨ ᠬᠠᠭᠠᠯᠪᠤᠷᠢᠯᠠᠭᠰᠠᠨ ᠨᠤᠷᠮ᠎ᠠ᠂ ᠭᠠᠵᠠᠷ ᠢ ᠪᠤᠴᠠᠭᠠᠭᠰᠠᠨ ᠨᠤᠷᠮ᠎ᠠ ᠲᠤᠰᠪᠤᠷᠢ 88.4% ᠪᠠ 67.4%᠎ ᠳᠤ ᠬᠦᠷᠪᠡ᠃ ᠠᠮᠢ ᠠᠬᠤᠢ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠶᠡᠭᠡᠪᠡᠷ ᠠᠬᠢᠭᠤᠯᠵᠤ᠂ ᠬᠠᠨᠭ᠍ᠬᠢᠨ ᠬᠤᠰᠢᠭᠤᠨ ᠤ ︽ᠠᠭᠤᠯᠠ ᠤᠰᠤ ᠤᠢ ᠲᠠᠷᠢᠶ᠎ᠠ ᠨᠠᠭᠤᠷ ᠡᠪᠡᠰᠤ︾ ᠵᠡᠷᠭᠡ ᠶᠡᠷᠦᠩᠭᠡᠶᠢᠯᠡᠨ ᠵᠠᠰᠠᠯᠳᠠ ᠬᠢᠬᠦ ᠵᠢᠱᠢᠶ᠎ᠡ ᠦᠵᠡᠬᠦᠯᠬᠦ 7 ᠲᠦᠷᠦᠯ ᠵᠦᠢᠯ ᠢ ᠤᠷᠢᠳᠠᠪᠠᠷ ᠬᠡᠷᠡᠭᠵᠢᠬᠦᠯᠦᠨ ᠤᠷᠢᠳᠠᠪᠠᠷ ᠲᠤᠷᠰᠢᠵᠤ᠂ ᠠᠮᠢ ᠠᠬᠤᠢ ᠶᠢᠨ ᠡᠯ᠎ᠡ ᠲᠦᠷᠦᠯ ᠤᠨ ᠪᠦᠳᠦᠭᠡᠨ ᠪᠠᠶᠢᠭᠤᠯᠤᠯᠳᠠ ᠶᠢ 615 ᠲᠦᠮᠡᠨ ᠮᠤ᠋ ᠪᠡᠶᠡᠯᠡᠬᠦᠯᠵᠦ᠂ ᠤᠯᠤᠰ ᠤᠨ ᠦᠷᠭᠦᠯᠵᠢᠯᠡᠭᠰᠡᠨ ᠬᠦᠭᠵᠢᠯᠳᠡ ᠶᠢᠨ ᠵᠦᠪᠯᠡᠬᠦ ᠵᠦᠢᠯ ᠤᠨ ᠰᠢᠨ᠎ᠡ ᠶᠢ ᠡᠬᠦᠳᠬᠦ ᠵᠢᠱᠢᠶ᠎ᠡ ᠦᠵᠡᠬᠦᠯᠬᠦ ᠤᠷᠤᠨ ᠢ ᠭᠤᠶᠤᠴᠢᠯᠡᠨ ᠮᠡᠳᠡᠭᠦᠯᠬᠦ ᠲᠦᠷᠦᠯ ᠵᠦᠢᠯ ᠬᠢᠨᠡᠨ ᠲᠤᠭᠳᠠᠭᠠᠯᠳᠠ ᠶᠢ ᠲᠠᠮᠵᠢᠵᠤ᠂ ᠮᠠᠨ ᠤ ᠬᠤᠳᠠ ᠲᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠦᠷᠢᠰᠤᠯᠳᠦᠬᠦ ᠬᠦᠴᠦᠨ ᠲᠠᠢ ᠬᠤᠳᠠ ᠪᠠᠷ ᠨᠡᠷᠡᠶᠢᠳᠦᠭᠳᠡᠪᠡ᠃᠃    ᠲᠠᠪᠤ ᠳᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠰᠢᠢᠳᠪᠦᠷᠢᠯᠡᠭᠴᠢ ᠴᠢᠨᠠᠷᠳᠠᠢ ᠦᠷ᠎ᠡ ᠪᠦᠳᠦᠮᠵᠢ ᠤᠯᠪᠠ᠃ ᠶᠠᠳᠠᠭᠤ ᠶᠢ ᠲᠡᠳᠬᠦᠬᠦ ᠳᠤ 3.9 ᠳ᠋ᠦᠡᠭᠰᠢᠭᠤᠷ ᠲᠦᠬᠦᠷᠢᠭ ᠤᠨ ᠪᠡᠯᠡ ᠮᠦᠡᠭᠬᠦ ᠤᠷᠤᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠭᠡᠯ ᠢ ᠪᠠᠳᠤᠳᠬᠠᠵᠤ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠲᠤᠳᠠᠭᠤᠳᠠᠯ ᠢ ᠪᠦᠬᠦ ᠲᠠᠯ᠎ᠠ ᠪᠠᠷ ᠨᠦᠬᠦᠵᠦ ᠬᠦᠢᠴᠡᠭᠡᠪᠡ᠃ ᠶᠠᠳᠠᠭᠤ ᠎ ᠶᠢ ᠲᠡᠳᠬᠦᠬᠦ ᠡᠳ᠋ ᠬᠦᠷᠦᠩᠭᠡ ᠶᠢᠨ ︽ᠭᠤᠷᠪᠠᠨ ᠡᠭᠡ ᠲᠡᠩᠰᠡ︾᠎ ᠶᠢ ᠪᠠᠶᠢᠭᠤᠯᠤᠨ ᠲᠡᠬᠦᠯᠳᠡᠷᠵᠢᠬᠦᠯᠵᠦ᠂ 16.1 ᠳ᠋ᠦᠡᠭᠰᠢᠭᠤᠷ ᠲᠦᠬᠦᠷᠢᠭ ᠤᠨ ᠶᠠᠳᠠᠭᠤ ᠶᠢ ᠲᠡᠳᠬᠦᠬᠦ ᠡᠳ᠋ ᠬᠦᠷᠦᠩᠭᠡ ᠶᠢ ᠪᠦᠷᠢᠯᠳᠦᠬᠦᠯᠪᠡ᠃ ᠤᠨᠳᠤᠤ ᠭᠠᠵᠠᠷ ᠨᠡᠬᠦᠯᠭᠡᠵᠦ ᠶᠠᠳᠠᠭᠤ ᠶᠢ ᠲᠡᠳᠬᠦᠬᠦ ᠲᠠᠭᠠᠯᠳᠤᠭᠰᠠᠨ ᠠᠵᠤ ᠦᠢᠯᠡᠰ ᠤᠨ ᠲᠡᠮᠵᠢᠯᠭᠡ ᠶᠢ ᠶᠡᠭᠡᠪᠡᠷ ᠠᠬᠢᠭᠤᠯᠵᠤ᠂ ᠲᠦᠪᠯᠡᠷᠡᠬᠦᠯᠦᠨ ᠨᠡᠬᠦᠯᠭᠡᠭᠰᠡᠨ 1587 ᠡᠷᠦᠭᠡ ᠶᠢᠨ 3959 ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠭ᠎ᠠ ᠲᠤᠭᠳᠠᠭᠤᠨ ᠢᠶᠠᠷ ᠨᠡᠮᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠱᠠᠯᠠᠪᠳᠠᠭᠤᠯᠤᠨ ᠪᠠᠶᠢᠴᠠᠭᠠᠯᠳᠠ ᠳᠤ ᠢᠯᠡᠷᠡᠬᠦᠯᠦᠭᠰᠡᠨ ᠡᠯ᠎ᠡ ᠲᠦᠷᠦᠯ ᠤᠨ ᠠᠰᠠᠭᠤᠳᠠᠯ ᠢ ᠴᠦᠮ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠵᠦ᠂ ᠤᠳᠤᠭ ᠬᠤᠰᠢᠭᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠨᠡᠶᠢᠳᠡᠮ ᠪᠠᠶᠢᠴᠠᠭᠠᠯᠳᠠ ᠶᠢᠨ ᠰᠢᠯᠭᠠᠨ ᠬᠤᠷᠢᠶᠠᠯᠳᠠ ᠶᠢ ᠲᠠᠮᠵᠢᠪᠠ᠃ ᠵᠠᠰᠠᠭ ᠤᠨ ᠤᠷᠳᠤᠨ ᠤ 168.3 ᠳ᠋ᠦᠡᠭᠰᠢᠭᠤᠷ ᠲᠦᠬᠦᠷᠢᠭ ᠤᠨ ᠲᠡᠯᠳᠠ ᠴᠢᠨᠠᠷᠳᠠᠢ ᠦᠷᠢ ᠰᠢᠷᠢ ᠶᠢ ᠢᠯᠭᠠᠷᠠᠭᠤᠯᠵᠤ᠂ ᠪᠦᠬᠦ ᠵᠢᠯ ᠤᠨ ᠬᠠᠷᠠᠯᠳᠠ ᠪᠠᠨ 116%᠎ ᠪᠠᠷ ᠪᠡᠶᠡᠯᠡᠬᠦᠯᠵᠦ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠲᠤᠮᠳᠠ ᠵᠢᠵᠢᠭ ᠠᠵᠤ ᠠᠬᠤᠶᠢᠯᠠᠯ ᠳᠤ ᠦᠷᠢᠳᠦᠵᠦ ᠪᠠᠶᠢᠭ᠎ᠠ 65.1 ᠳ᠋ᠦᠡᠭᠰᠢᠭᠤᠷ ᠲᠦᠬᠦᠷᠢᠭ ᠤᠨ ᠲᠡᠩᠰᠡᠨ ᠳᠠᠬᠢ ᠵᠤᠭᠤᠰ ᠢ ᠢᠯᠭᠠᠷᠠᠭᠤᠯᠤᠨ ᠲᠦᠯᠦᠵᠣ᠂ ᠵᠦᠷᠢᠯᠳᠦᠬᠡᠨ ᠦᠭᠡᠢ ᠲᠡᠩᠰᠡᠨ ᠳᠠᠬᠢ ᠵᠤᠭᠤᠰ ᠢ ᠴᠦᠮ ᠢᠯᠭᠠᠷᠠᠭᠤᠯᠤᠨ ᠪᠤᠴᠠᠭᠠᠨ ᠤᠷᠤᠨᠵᠢᠭᠤᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠵᠢᠭᠡᠯᠡᠯᠭᠡ ᠎ ᠶᠢᠨ ᠲᠡᠮᠳᠡᠭᠳᠤ ᠶᠢ 116.8 ᠳ᠋ᠦᠡᠭᠰᠢᠭᠤᠷ ᠲᠦᠬᠦᠷᠢᠭ ᠲᠡᠮᠡᠴᠡᠨ ᠤᠯᠵᠤ᠂ ᠮᠠᠨ ᠤ ᠬᠤᠳᠠ ᠦᠷᠢ ᠰᠢᠷᠢ ᠶᠢᠨ ᠤᠯᠠᠭᠠᠨ ᠦᠡᠭᠭᠡᠳᠦ ᠰᠡᠷᠡᠮᠵᠢᠯᠡᠬᠦᠯᠦᠯ ᠤᠨ ᠭᠠᠵᠠᠷ ᠤᠷᠤᠨ ᠠᠴᠠ ᠤᠬᠤᠷᠢᠨ ᠭᠠᠷᠪᠠ᠃ ᠵᠠᠷᠢᠮ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠳᠤ ᠶᠢᠨ ᠭᠡᠷ᠎ᠡ ᠶᠢ ᠵᠦᠷᠢᠴᠡᠭᠰᠡᠨ ᠠᠵᠢᠯᠯᠠᠭ᠎ᠠ ᠪᠠ ᠤᠷᠤᠨ ᠨᠤᠳᠤᠭ ᠤᠨ ᠮᠦᠡᠭᠬᠦᠨ ᠬᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠳᠡ ᠶᠢᠨ ᠲᠦᠭᠰᠢᠬᠦᠷᠢ ᠶᠢ ᠪᠦᠳᠦᠮᠵᠢᠳᠡᠢ ᠰᠢᠢᠳᠪᠦᠷᠢᠯᠡᠵᠦ᠂ ᠪᠠᠩᠬᠢ ᠶᠢᠨ ᠡᠷᠡᠬᠦᠯ ᠪᠤᠰᠤ ᠵᠢᠭᠡᠯᠡᠯᠭᠡ ᠶᠢᠨ ᠨᠤᠷᠮ᠎ᠠ ᠪᠦᠬᠦ ᠤᠷᠤᠨ ᠤ ᠲᠡᠭᠰᠢᠳᠭᠡᠭᠰᠡᠨ ᠬᠢᠷᠢ ᠲᠦᠪᠰᠢᠨ ᠠᠴᠠ ᠲᠤᠤᠷ᠎ᠠ ᠪᠠᠶᠢᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠎ ᠤ ᠠᠷᠪᠠᠨ ᠲᠤᠮᠤ ᠠᠵᠢᠯᠯᠠᠭ᠎ᠠ ᠶᠢ ᠦᠷᠨᠢᠬᠦᠯᠵᠦ᠂ ᠴᠢ ᠫᠠᠨ ᠵᠢᠩ ᠮᠸᠡᠭ ᠰᠢ ᠭᠠᠵᠠᠷ ᠤᠷᠤᠨ ᠤ ᠠᠮᠢ ᠠᠬᠤᠢ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠰᠢᠨ᠎ᠡ ᠨᠢᠭᠡᠨ ᠡᠬᠡᠯᠵᠢ ᠶᠢᠨ ᠵᠠᠭᠤᠨ ᠡᠳᠦᠷ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠬᠦᠯᠵᠦ᠂ 1283 ᠲᠦᠷᠦᠯ ᠤᠨ ᠪᠤᠭᠤᠮᠳᠠ ᠰᠢᠪᠳᠤᠯᠬᠤ ᠡᠬᠦᠷᠭᠡ ᠎ ᠶᠢ ᠪᠡᠶᠡᠯᠡᠬᠦᠯᠵᠦ᠂ ᠲᠦᠪ ᠤᠨ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠬᠢᠨ ᠬᠠᠷᠠᠬᠤ︾᠎ ᠳᠤ ᠲᠤᠰᠬᠠᠭᠰᠠᠨ ᠠᠰᠠᠭᠤᠳᠠᠯ ᠢ ᠴᠦᠮ ᠴᠡᠭᠴᠡᠯᠡᠨ ᠰᠠᠶᠢᠵᠢᠷᠠᠭᠤᠯᠤᠨ ᠤᠷᠤᠨᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠰᠢᠨ᠎ᠡ ᠨᠢᠭᠡᠨ ᠡᠭᠡᠯᠵᠢ ᠶᠢᠨ ᠠᠮᠢ ᠠᠬᠤᠢ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠳᠤ ᠤᠯᠠᠨ ᠲᠦᠮᠡᠨ ᠤ ᠲᠤᠰᠬᠠᠭᠰᠠᠨ 216 ᠠᠰᠠᠭᠤᠳᠠᠯ ᠢ ᠦᠨᠳᠤᠰᠤᠨ ᠳᠡᠭᠡᠨ ᠰᠢᠢᠳᠪᠤᠷᠢᠯᠡᠪᠡ᠃     ᠵᠢᠷᠭᠤᠭ᠎ᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠬᠡᠪᠡ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠤᠷᠤᠨᠵᠢᠭᠤᠯᠬᠤ︾ ᠥᠭᠡᠷᠡᠴᠢᠯᠡᠯᠲᠡ ᠶᠢᠨ ᠲᠠᠯ᠎ᠠ ᠪᠠᠷ ᠪᠥᠬᠦ ᠣᠷᠣᠨ ᠤ ᠲᠡᠷᠢᠭᠦᠨ ᠳᠤ ᠤᠷᠤᠵᠤ᠂ ︽ᠨᠢᠭᠡ ᠰᠦᠯᠵᠢᠶ᠎ᠡ︾᠎ ᠪᠠᠷ ᠨᠡᠶᠢᠳᠡᠮ ᠭᠦᠢᠴᠡᠳᠬᠡᠬᠦ ᠨᠣᠷᠮ᠎ᠠ᠂ ︽ᠨᠢᠭᠡ ᠴᠤᠩᠬᠤᠪᠴᠢ︾᠎ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠴᠥᠮ 80%᠎ ᠠᠴᠠ ᠳᠡᠭᠡᠭᠰᠢ ᠳᠤ ᠬᠦᠷᠴᠣ᠂ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ 11408 ᠵᠣᠶᠢᠯᠡᠰ ᠢ ︽ᠠᠬᠠᠳᠠᠬᠤ ᠳᠠᠭᠠᠨ ᠨᠢᠭᠡ ᠯᠠ ᠤᠳᠠᠭ᠎ᠠ ᠬᠦᠶᠦᠵᠣ︾ ᠭᠦᠢᠴᠡᠳᠬᠡᠬᠦ ᠶᠢ ᠪᠡᠶᠡᠯᠡᠭᠦᠯᠪᠡ᠃ ᠠᠵᠤ ᠠᠬᠤᠶᠢᠯᠠᠯ ᠢ ᠨᠡᠭᠡᠭᠡᠨ ᠡᠷᠭᠢᠯᠡᠬᠦ ᠴᠠᠭ᠂ ᠥᠯᠥ ᠬᠥᠳᠡᠯᠬᠦ ᠬᠥᠷᠥᠩᠭᠡ ᠶᠢ ᠲᠠᠨᠵᠢᠯᠠᠨ ᠲᠠᠩᠰᠠᠯᠠᠬᠤ ᠴᠠᠭ ᠢ ᠪᠠᠭᠠᠰᠬᠠᠨ ᠲᠤᠰᠪᠤᠷᠢ 1 ᠪᠠ 3 ᠠᠵᠢᠯᠯᠠᠬᠤ ᠡᠳᠦᠷ ᠪᠤᠯᠭᠠᠵᠣ᠂ ᠠᠵᠤ ᠠᠬᠤᠶᠢᠯᠠᠯ ᠤᠨ ᠪᠠᠯᠠ ᠤᠷᠤᠭᠤᠯᠤᠯᠳᠠ ᠶᠢᠨ ᠲᠦᠷᠦᠯ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠨ 75 ᠠᠵᠢᠯᠯᠠᠬᠤ ᠡᠳᠦᠷ ᠪᠤᠯᠭᠠᠪᠠ᠃ ᠪᠦᠬᠦ ᠣᠷᠣᠨ ᠤ ᠠᠩᠬᠠᠳᠠᠭᠴᠢ ᠣᠶᠤᠨᠴᠢ ᠪᠠᠷ ᠭᠠᠶᠢᠯᠢ ᠡᠷᠬᠢᠯᠡᠬᠦ ᠲᠢᠩᠬᠢᠮ ᠎ ᠢ ᠪᠠᠶᠢᠭᠤᠯᠵᠤ᠂ ᠣᠶᠢᠯᠡᠳᠤᠨ ᠨᠡᠬᠡᠬᠡᠭᠰᠡᠨ 30 ᠭᠠᠷᠤᠢ ᠵᠦᠢᠯ ᠤᠨ ᠴᠢᠳᠠᠮᠵᠢ ᠨᠢ ᠪᠦᠬᠦ ᠤᠯᠤᠰ ᠤᠨ ᠠᠩᠬᠠᠨ ᠤ ᠡᠭᠦᠳᠦᠯᠳᠡ ᠪᠤᠯᠤᠭᠰᠠᠨ ᠪᠠᠶᠢᠨ᠎ᠠ᠃ ᠪᠥᠬᠦ ᠣᠷᠣᠨ ᠤ ᠠᠩᠬᠠᠳᠠᠭᠴᠢ ᠮᠥᠩᠭᠦᠨ ᠭᠦᠢᠯᠬᠡᠬᠡᠨ ᠭᠦᠢᠯᠬᠡᠬᠡ ᠠᠴᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠳᠤ ᠣᠶᠢᠯᠡᠴᠢᠯᠡᠬᠦ ᠠᠯᠪᠠᠨ ᠬᠡᠷ ᠢ ᠪᠠᠶᠢᠭᠤᠯᠵᠤ᠂ 49.7 ᠳ᠋ᠦᠩᠰᠢᠭᠤᠷ ᠲᠥᠭᠦᠷᠢᠭ ᠤᠨ ᠪᠠᠯᠠ ᠴᠤᠭᠯᠠᠭᠤᠯᠭ᠎ᠠ ᠶᠢ ᠪᠡᠶᠡᠯᠡᠭᠦᠯᠪᠡ᠃ ᠪᠥᠬᠦ ᠬᠤᠲᠠ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ ᠴᠦᠮ ᠡᠶᠡᠷᠬᠦ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠲᠤᠰᠪᠤᠷᠢ 4020 ᠳ᠋ᠦᠩᠰᠢᠭᠤᠷ ᠲᠥᠭᠦᠷᠢᠭ ᠪᠠ 3399 ᠳ᠋ᠦᠩᠰᠢᠭᠤᠷ ᠲᠥᠭᠦᠷᠢᠭ ᠲᠤ ᠬᠥᠷᠪᠡ᠃ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠤᠷᠤᠭᠰᠠᠨ ᠠᠵᠤ ᠠᠬᠤᠶᠢᠯᠠᠯ ᠢ ᠰᠢᠨ᠎ᠡ ᠪᠠᠷ 5 ᠨᠡᠮᠡᠭᠳᠡᠭᠦᠯᠵᠦ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 15.6 ᠳ᠋ᠦᠩᠰᠢᠭᠤᠷ ᠲᠥᠭᠦᠷᠢᠭ ᠠᠷᠪᠢᠯᠠᠪᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ 22 ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠵᠤ᠂ ᠮᠠᠨ ᠤ ᠬᠤᠳᠠ ᠪᠦᠬᠦ ᠤᠯᠤᠰ ᠤᠨ ᠬᠤᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠤ ᠵᠢᠭᠰᠠᠭᠠᠯᠳᠠ ᠎ ᠳᠤ 56 ᠳ᠋ᠤᠭᠠᠷ ᠲᠤ ᠤᠷᠤᠵᠤ᠂ ᠪᠦᠬᠦ ᠤᠷᠤᠨ ᠤ ᠴᠤᠷ ᠤᠨ ᠭᠠᠭᠴᠠ ᠵᠠᠭᠤᠨ ᠭᠦᠴᠦᠷᠬᠡᠭ ᠲᠤ ᠤᠷᠤᠭᠰᠠᠨ ᠠᠶᠢᠮᠠᠭ ᠬᠤᠳᠠ ᠪᠤᠯᠤᠭᠰᠠᠨ ᠪᠠᠶᠢᠨ᠎ᠠ᠃    ᠲᠤᠯᠤᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ ᠲᠠᠷᠢᠶᠠᠯᠠᠩ ᠮᠠᠯ ᠠᠵᠤ ᠠᠬᠤᠶ ᠎ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠮᠤ ᠪᠤᠳᠠᠭᠠᠨ ᠤ ᠬᠤᠷᠢᠶᠠᠯᠳᠠ ᠶᠢ ᠲᠣᠭᠲᠠᠪᠤᠷᠢᠵᠢᠭᠤᠯᠤᠨ ᠠᠵᠤ ᠠᠬᠤᠢ ᠶᠢᠨ ᠲᠠᠷᠢᠮᠠᠯ ᠤᠨ ᠲᠦᠷᠦᠯ ᠵᠤᠶᠢᠯ ᠢ ᠰᠢᠯᠢᠳᠡᠭᠵᠢᠭᠦᠯᠵᠣ᠂ ᠢᠮᠠᠭᠠᠨ ᠨᠣᠯᠤᠤᠷ ᠪᠠ ᠮᠢᠬᠠᠨ ᠤ ᠭᠠᠷᠤᠯᠳᠠ ᠶᠢ ᠨᠡᠮᠡᠭᠳᠡᠭᠦᠯᠦᠨ ᠰᠦ ᠰᠠᠭᠠᠯᠢ ᠶᠢᠨ ᠣᠶᠢᠯᠡᠰ ᠢ ᠬᠦᠭᠵᠢᠭᠦᠯᠦᠨ ᠮᠠᠨᠳᠤᠭᠤᠯᠵᠤ᠂ ᠠᠮᠤ ᠪᠤᠳᠠᠭᠠᠨ ᠤ ᠬᠤᠷᠢᠶᠠᠯᠳᠠ 39.3 ᠳ᠋ᠦᠩᠰᠢᠭᠤᠷ ᠵᠢᠩ ᠳᠤ ᠬᠦᠷᠴᠣ᠂ 1.3 ᠳ᠋ᠦᠩᠰᠢᠭᠤᠷ ᠵᠢᠩ ᠨᠡᠮᠡᠭᠳᠡᠵᠣ᠂ ᠮᠢᠬᠠᠨ ᠤ ᠲᠦᠷᠦᠯ ᠤᠨ ᠭᠠᠷᠤᠯᠳᠠ 19 ᠲᠦᠮᠡᠨ ᠲᠣᠨ ᠢ ᠲᠠᠪᠠᠵᠣ᠂ 10%᠎ ᠪᠠᠷ ᠨᠡᠮᠡᠭᠳᠡᠪᠡ᠃ ᠬᠥᠳᠡᠭᠡ ᠲᠣᠰᠬᠤᠨ ᠤ ᠠᠵᠤ ᠣᠶᠢᠯᠡᠰ ᠤᠨ ᠰᠠᠭᠤᠷᠢ ᠮᠥᠩᠭᠦ ᠠᠴᠠ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠨᠡᠶᠢᠲᠡ 10.7 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ 754 ᠲᠥᠷᠥᠯ ᠵᠤᠶᠢᠯ ᠢ ᠳᠡᠮᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠠᠩᠭᠢᠨ ᠬᠤᠰᠢᠭᠤᠨ ᠤ ᠨᠡᠷᠡᠨ ᠬᠤᠸᠠᠷ ᠤᠨ ᠠᠵᠤ ᠣᠶᠢᠯᠡᠰ ᠤᠯᠤᠰ ᠤᠨ ᠠᠵᠤ ᠣᠶᠢᠯᠡᠰ ᠤᠨ ᠰᠦᠷᠦᠭᠵᠢᠯ ᠳᠤ ᠣᠷᠤᠵᠣ᠂ ᠣᠲᠤᠭ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠦᠷᠢᠶᠡᠯᠡᠩ ᠳᠤ ᠰᠤᠩᠭᠤᠭᠳᠠᠨ ᠤᠷᠤᠪᠠ᠃ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ 6 ᠠᠵᠤ ᠠᠬᠤᠶᠢᠯᠠᠯ᠂ 17 ᠪᠦᠲᠦᠭᠡᠭᠳᠡᠭᠦᠨ ᠪᠣᠬᠢᠷᠲᠤᠯ ᠥᠬᠡᠶ ᠢᠳᠡᠭᠡᠨ ᠤ ᠬᠡᠷᠡᠴᠢᠯᠡᠯ ᠢ ᠲᠡᠮᠵᠢᠪᠡ᠃ ᠭᠤᠷᠪᠠᠳᠤᠭᠠᠷ ᠬᠤᠭᠤᠴᠠᠭᠠᠨ ᠤ ᠣᠯᠠᠨ ᠤᠯᠤᠰ ᠤᠨ ᠢᠮᠠᠭᠠᠨ ᠨᠣᠯᠤᠤᠷ ᠨᠤᠤᠰᠤ ᠶᠢᠨ ᠦᠵᠡᠰᠬᠦᠯᠡᠩ ᠢ ᠠᠮᠵᠢᠯᠲᠠ ᠲᠠᠢ ᠡᠷᠭᠢᠯᠡᠵᠦ᠂ ᠠᠷᠠᠯᠵᠢᠶ᠎ᠠ ᠪᠦᠲᠦᠭᠰᠡᠨ ᠲᠤᠭ᠎ᠠ 2.4 ᠳ᠋ᠦᠩᠰᠢᠭᠤᠷ ᠲᠥᠭᠦᠷᠢᠭ ᠲᠤ ᠬᠥᠷᠪᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 67%᠎ ᠳᠤ ᠬᠦᠷᠴᠣ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠨᠤᠷᠮ᠎ᠠ 91.3%᠎ ᠳᠤ ᠬᠦᠷᠪᠡ᠃    ᠨᠠᠢᠮᠠ ᠳᠤ ᠠᠷᠠᠳ ᠤᠨ ᠠᠮᠢᠳᠤᠷᠠᠯ ᠬᠦᠴᠦᠲᠡᠶ ᠪᠠᠲᠤᠯᠠᠭ᠎ᠠ ᠲᠠᠢ ᠪᠣᠯᠪᠠ᠃ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠭ᠎ᠠ ᠪᠠᠶᠢᠳᠠᠯ ᠳᠣᠣᠷ᠎ᠠ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 329.4 ᠳ᠋ᠦᠩᠰᠢᠭᠤᠷ ᠲᠥᠭᠦᠷᠢᠭ ᠲᠤ ᠬᠦᠷᠴᠦ᠂ 2.7%᠎ ᠪᠠᠷ ᠨᠡᠮᠡᠭᠳᠡᠵᠣ᠂ 177.1 ᠳ᠋ᠦᠩᠰᠢᠭᠤᠷ ᠲᠥᠭᠦᠷᠢᠭ ᠢ ᠪᠠᠭᠤᠯᠭᠠᠨ ᠰᠢᠯᠵᠢᠭᠦᠯᠦᠨ ᠦᠭᠴᠣ᠂ 6.6%᠎ ᠪᠠᠷ ᠨᠡᠮᠡᠭᠳᠡᠪᠡ᠃ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠶᠢ 2.25 ᠳ᠋ᠦᠩᠰᠢᠭᠤᠷ ᠲᠥᠭᠦᠷᠢᠭ ᠪᠠᠭᠤᠯᠭᠠᠵᠣ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠲᠤᠰᠪᠤᠷᠢ 17% ᠪᠠ 8.9% ᠎ ᠪᠠᠷ ᠲᠡᠭᠡᠭᠰᠢᠯᠡᠵᠣ᠂ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠲᠤᠰᠪᠤᠷᠢ 31.1% ᠪᠠ 3.1% ᠎ ᠪᠠᠷ ᠲᠡᠭᠡᠭᠰᠢᠯᠡᠪᠡ᠃ ︽ᠣᠷᠳᠣᠰ ᠬᠤᠲᠠ ᠶᠢᠨ ᠨᠠᠰᠤᠵᠢᠯ ᠤᠨ ᠣᠶᠢᠯᠡᠴᠢᠯᠡᠬᠡᠨ ᠤ ᠲᠦᠷᠢᠮ︾᠎ ᠢ ᠨᠡᠶᠢᠲᠡᠯᠡᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠳ ᠎ ᠤᠨ ᠨᠠᠰᠤᠵᠢᠯ ᠤᠨ ᠮᠥᠩᠭᠦ ᠶᠢ ᠰᠠᠷ᠎ᠠ ᠪᠦᠷᠢ ᠬᠥᠮᠦᠨ ᠳᠤᠮᠳᠠᠴᠢ ᠪᠠᠷ 160 ᠲᠥᠭᠦᠷᠢᠭ ᠨᠡᠮᠡᠭᠳᠡᠭᠦᠯᠪᠡ᠃ ᠤᠯᠤᠰ ᠤᠨ ᠭᠤᠷᠪᠠᠳᠤᠭᠠᠷ ᠲᠡᠰ ᠤᠨ ᠬᠦᠬᠡ ᠵᠡᠷᠬᠡ ᠎ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠰᠢᠨ᠎ᠡ ᠪᠠᠷ 2 ᠨᠡᠮᠡᠭᠳᠡᠵᠣ᠂ ᠭᠤᠷᠪᠠᠳᠤᠭᠠᠷ ᠳᠡᠰ ᠤᠨ ᠲᠤᠰᠬᠠᠶ ᠡᠮᠨᠡᠯᠭᠡ ᠶᠢᠨ ᠬᠤᠷᠢᠶ᠎ᠠ ᠰᠢᠨ᠎ᠡ ᠪᠠᠷ 1 ᠨᠡᠮᠡᠭᠳᠡᠪᠡ ᠃ ︽ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠲᠦᠯᠦᠪᠵᠢᠭᠦᠯᠬᠡ ᠪᠦᠲᠦᠬᠡᠨ ᠪᠠᠶᠢᠭᠤᠯᠤᠯᠳᠠ ᠶᠢᠨ ᠲᠦᠷᠢᠮ︾᠎ ᠢ ᠲᠣᠭᠲᠠᠭᠠᠵᠤ᠂ 27 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ᠵᠠᠮ ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠲᠦᠷᠦᠯ ᠵᠤᠶᠢᠯ ᠢ ᠨᠡᠶᠢᠳᠡ 157 ᠲᠥᠷᠥᠯ ᠬᠡᠷᠡᠭᠵᠢᠭᠦᠯᠵᠦ᠂ ᠳ᠋ᠠ ᠹᠠᠨ ᠫᠦ᠋ ᠎ ᠠᠴᠠ ᠯᠦᠩ ᠺᠸᠦ ᠬᠦᠷᠬᠦ ᠲᠡᠬᠡᠳᠤ ᠬᠤᠷᠳᠤᠴᠠᠳᠤ ᠵᠠᠰᠠᠮᠠᠯ ᠵᠠᠮ᠂ ᠪᠤᠭᠤᠲᠤ ᠠᠴᠠ ᠮᠤᠤ ᠮᠢᠩ ᠬᠦᠷᠬᠦ ᠲᠡᠬᠡᠳᠤ ᠬᠤᠷᠳᠤᠴᠠᠳᠤ ᠵᠠᠰᠠᠮᠠᠯ ᠵᠠᠮ ᠤᠨ ᠪᠤᠭᠤᠲᠤ ᠠᠴᠠ ᠳ᠋ᠦᠩᠱᠧᠩ ᠬᠦᠷᠬᠦ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢ ᠪᠠᠶᠢᠭᠤᠯᠵᠤ ᠳᠠᠭᠤᠰᠬᠠᠨ᠂ ᠤᠷᠳᠤᠰ ᠠᠴᠠ ᠲᠡᠮᠡᠭᠡᠲᠦ ᠬᠦᠷᠬᠦ ᠲᠡᠬᠡᠳᠤ ᠬᠤᠷᠳᠤᠴᠠᠳᠤ ᠲᠡᠮᠦᠷ ᠵᠠᠮ ᠤᠨ ᠪᠤᠯᠤᠮᠵᠢᠳᠤ ᠰᠤᠳᠤᠯᠤᠯ ᠤᠨ ᠮᠡᠳᠡᠭᠦᠯᠦᠯᠲᠡ ᠶᠢᠨ ᠬᠢᠨᠠᠨ ᠲᠤᠭᠳᠠᠭᠠᠯᠳᠠ ᠶᠢ ᠪᠡᠶᠡᠯᠡᠭᠦᠯᠵᠦ᠂ ᠤᠯᠠᠭᠠᠠᠮᠦ᠋ᠷᠡᠨ ᠭᠤᠤᠯ ᠤᠨ ᠭᠤᠷᠪᠠᠳᠤᠭᠠᠷ ᠨᠣᠮᠧᠷᠲᠤ ᠬᠥᠭᠦᠷᠭᠡ ᠶᠢᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠤ᠂  ᠭᠤᠤᠯᠳᠠᠯᠭᠠᠳᠤ ᠬᠤᠲᠠ ᠲᠣᠭᠤᠷᠢᠭ ᠲᠤ 5G᠎ ᠶᠢᠨ ᠰᠦᠯᠵᠢᠶ᠎ᠡ ᠶᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠭᠦᠯᠪᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠎ ᠶᠢ ᠡᠬᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠡ᠊ᠨᠳᠡᠯ ᠤᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠤᠨ︾᠎ ᠤ ᠲᠤᠰᠬᠠᠶ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠪᠡ᠃ ︽ᠵᠢᠷᠭᠤᠭ᠎ᠠ ᠶᠢ ᠴᠡᠪᠡᠷᠯᠠᠨ ᠠᠷᠢᠯᠭᠠᠬᠤ︾ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠪᠥᠬᠦ ᠲᠠᠯ᠎ᠠ ᠎ ᠶᠢᠨ ᠢᠯᠠᠯᠲᠠ ᠶᠢ ᠤᠯᠪᠠ᠃ ᠮᠠᠨ ᠤ ᠬᠤᠲᠠ ᠳᠥᠷᠪᠡᠨ ᠬᠤᠭᠤᠴᠠᠭ᠎ᠠ ᠳᠠᠷᠠᠭᠠᠯᠠᠨ ᠪᠥᠬᠦ ᠤᠯᠤᠰ ᠤᠨ ᠪᠣᠯᠪᠠᠰᠤᠨ ᠬᠤᠲᠠ ᠶᠢᠨ ᠨᠡᠷᠡᠶᠢᠳᠤᠯ ᠢ ᠭᠥᠷᠳᠡᠵᠦ᠂ ᠲᠠᠪᠤᠨ ᠬᠤᠭᠤᠴᠠᠭ᠎ᠠ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾᠎ ᠶᠢᠨ ᠨᠡᠷᠡᠶᠢᠳᠤᠯ ᠢ ᠬᠦᠷᠳᠡᠨ᠂ ᠬᠠᠩᠭᠢᠨ ᠬᠤᠰᠢᠭᠤ ᠪᠥᠬᠦ ᠤᠯᠤᠰ ᠎ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠣᠲᠤᠭ ᠤᠨ ᠡᠮᠦᠨᠡᠲᠦ ᠬᠤᠰᠢᠭᠤ᠂ ᠵᠡᠭᠦᠨᠭᠠᠷ ᠬᠤᠰᠢᠭᠤ ᠵᠠᠯᠭᠠᠭ᠎ᠠ ᠎ ᠪᠠᠷ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠪᠤᠯᠵᠤ᠂ ᠬᠢᠶ᠎ᠠ ᠪᠠᠭᠰᠢ ᠲᠣᠭᠤᠷᠢᠭ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠳᠤ ᠲᠦᠷᠦᠭᠳᠡᠯ ᠲᠠᠢ ᠬᠤᠲᠠ ᠶᠢᠨ ᠡᠩᠨᠡᠬᠡᠨ ᠳᠤ ᠤᠷᠤᠪᠠ᠃    ᠦᠨᠳᠦᠰᠦᠲᠡᠨ ᠱᠠᠰᠢᠨ ᠰᠤᠷᠲᠠᠬᠤᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠦᠷᠢᠳᠬᠡᠨ ᠪᠠᠶᠢᠴᠠᠭᠠᠯᠳᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠲᠠᠪᠰᠢᠯᠳᠠ ᠲᠠᠢ ᠪᠣᠯᠪᠠ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃    ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠎ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠮᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠢ ᠶᠡᠬᠡᠪᠡᠷ ᠠᠬᠢᠭᠤᠯᠪᠠ᠃ ᠴᠢᠬᠤᠯᠠ ᠲᠤᠮᠤ ᠵᠤᠶᠢᠯ ᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠲᠦᠷᠢᠮ ᠳᠤ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠦᠪᠯᠡᠭᠦᠯᠵᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠦᠳ ᠤᠨ ᠰᠠᠨᠠᠯ ᠲᠤᠷᠠᠳᠤᠯᠭ᠎ᠠ ᠶᠢ 264 ᠰᠢᠢᠳᠪᠦᠷᠢᠯᠡᠪᠡ᠃ ︽ᠭᠤᠷᠪᠠᠨ ᠴᠢᠬᠤᠯᠠ ᠨᠢᠭᠡ ᠶᠡᠭᠡ︾᠎ ᠶᠢᠨ ᠬᠠᠮᠲᠤ ᠪᠠᠷ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠦᠷᠢᠮ ᠤᠨ ᠠᠵᠢᠯ ᠤᠨ ᠨᠠᠷᠢᠨ ᠲᠦᠷᠢᠮ ᠳᠤ ᠵᠠᠰᠠᠪᠤᠷᠢ ᠣᠷᠣᠭᠤᠯᠵᠤ᠂ ᠰᠢᠢᠳᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠲᠡᠭᠡᠭᠰᠢᠯᠡᠭᠦᠯᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠲᠠᠯᠠᠵᠤ᠂ 44 ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠢᠵᠢ ᠪᠦᠷᠢᠳᠦᠭᠦᠯᠦᠭᠰᠡᠨ ᠠᠷᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠶ ᠵᠠᠷᠤᠯᠭ᠎ᠠ ᠶᠢ 13.7%᠎ ᠪᠠᠷ ᠪᠠᠭᠠᠰᠬᠠᠪᠠ᠃    ᠲᠥᠯᠥᠭᠡᠯᠡᠭᠴᠢᠳ ᠡ︕ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ᠃ ᠪᠦᠬᠦ ᠬᠤᠳᠠ ᠶᠢᠨ ᠲᠠᠪᠤᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠪᠢᠳᠡ ᠮᠠᠰᠢ ᠤᠯᠠᠨ ᠠᠶᠤᠯ ᠲᠦᠭᠰᠢᠭᠦᠷᠢ ᠪᠠ ᠲᠠᠯᠳᠠ ᠭᠡᠮ ᠢ ᠠᠷᠢᠯᠭᠠᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭᠠᠯᠲᠠ ᠶᠢ ᠳᠠᠭᠠᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠠᠮᠵᠢᠯᠳᠠ ᠲᠠᠢ ᠪᠠᠷ ᠲᠡᠭᠦᠰᠬᠡᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠰᠢᠢᠳᠪᠦᠷᠢᠯᠡᠭᠴᠢ ᠴᠢᠨᠠᠷᠲᠠᠢ ᠠᠮᠵᠢᠯᠲᠠ ᠣᠯᠵᠤ᠂ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠰᠠᠭᠤᠷᠢ ᠲᠠᠯᠪᠢᠭᠰᠠᠨ ᠪᠠᠶᠢᠨ᠎ᠠ᠃    ᠡᠨᠡ ᠲᠠᠪᠤᠨ ᠵᠢᠯ ᠳᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠰᠢᠨ᠎ᠡ ᠳᠡᠭᠡᠭᠰᠢᠯᠡᠯᠲᠡ ᠲᠠᠢ ᠪᠣᠯᠪᠠ᠃ ᠵᠠᠷᠢᠮ ᠠᠵᠤ ᠠᠬᠤᠶ ᠶᠢᠨ ᠲᠤᠭ᠎ᠠ ᠪᠠᠷᠢᠮᠲᠠ ᠦᠨᠡᠨ ᠪᠣᠳᠠᠲᠠᠶ ᠪᠤᠰᠤ ᠪᠠᠶᠢᠬᠤ ᠠᠰᠠᠭᠤᠳᠠᠯ ᠢ ᠡᠷᠡᠰ ᠵᠠᠯᠠᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠵᠢᠯ ᠪᠦᠷᠢ ᠳᠤᠮᠳᠠᠴᠢ ᠪᠠᠷ 3.1%᠎ ᠪᠠᠷ ᠨᠡᠮᠡᠭᠳᠡᠵᠦ᠂ ᠬᠥᠮᠦᠨ ᠳᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠶ ᠦᠷᠳᠡᠭ 2.6 ᠲᠦᠮᠡᠨ ᠳ᠋ᠣᠯᠯᠠᠷ ᠲᠤ ᠬᠦᠷᠴᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢᠯᠡᠳᠳᠡ ᠲᠡᠭᠡᠭᠰᠢᠯᠡᠪᠡ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠣ᠂ ᠣᠶᠢᠯᠡᠳᠪᠦᠷᠢᠯᠠᠯ ᠤᠨ ᠴᠢᠳᠠᠪᠬᠢ ᠶᠢ ᠪᠠᠭᠠᠰᠬᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 670 ᠲᠦᠮᠡᠨ ᠺᠢᠯᠣᠸᠠᠲ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠣᠶᠢᠯᠡᠳᠪᠦᠷᠢᠯᠠᠯ ᠤᠨ ᠴᠢᠳᠠᠪᠤᠷᠢ 527 ᠲᠦᠮᠡᠨ ᠲᠣᠨ ᠳᠤ ᠬᠦᠷᠴᠣ᠂ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠡᠯᠧᠺᠲᠷᠣᠨ ᠮᠡᠳᠡᠭᠡ ᠵᠠᠩᠭᠢ᠂ ᠤᠳᠤ ᠦᠶ᠎ᠡ ᠶᠢᠨ ᠮᠥᠩᠭᠦᠨ ᠭᠦᠢᠯᠭᠡᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠰᠢᠨ᠎ᠡ ᠠᠵᠤ ᠦᠢᠯᠡᠰ ᠲᠠᠰᠤᠷᠠᠯᠳᠠ ᠦᠭᠡᠢ ᠪᠤᠵᠠᠭᠠᠶᠢᠷᠠᠵᠤ᠂ ᠵᠢᠯ ᠤᠨ ᠵᠢᠭᠤᠯᠴᠢᠯᠠᠯ ᠤᠨ ᠬᠥᠮᠦᠨ ᠤ ᠲᠤᠭ᠎ᠠ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 1700 ᠲᠦᠮᠡᠨ ᠬᠥᠮᠦᠨ ᠤᠳᠠᠭ᠎ᠠ ᠪᠠ 500 ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠣᠭᠤᠮᠲᠠ ᠬᠠᠭᠠᠵᠤ ᠡᠷᠬᠢᠯᠳᠡ ᠡᠵᠡᠩᠨᠡᠯᠳᠡ ᠬᠢᠵᠣ ᠡᠬᠢᠯᠡᠪᠡ᠃    ᠡᠨᠡ ᠲᠠᠪᠤᠨ ᠵᠢᠯ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ 3000 ᠰᠢᠬᠠᠮ ᠲᠦᠷᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ 90%᠎ ᠠᠴᠠ ᠳᠡᠭᠡᠭᠰᠢ ᠳᠤ ᠲᠣᠭᠳᠠᠪᠦᠷᠢᠵᠢᠵᠣ᠂ ᠤᠯᠤᠰ ᠠᠴᠠ ᠡᠵᠡᠮᠳᠡᠵᠦ ᠪᠠᠶᠢᠭ᠎ᠠ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠴᠥᠮ ᠪᠠᠷᠢᠮᠵᠢᠶ᠎ᠠ ᠳᠤ ᠬᠦᠷᠪᠡ᠃ ᠠᠮᠢ ᠠᠬᠤᠶ ᠶᠢᠨ ᠡᠯ᠎ᠡ ᠲᠦᠷᠦᠯ ᠎ ᠤᠨ ᠪᠥᠲᠥᠭᠡᠨ ᠪᠠᠶᠢᠭᠤᠯᠤᠯᠲᠠ ᠶᠢ 7800 ᠭᠠᠷᠤᠶ ᠲᠦᠮᠡᠨ ᠮᠥ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ ᠠᠭᠤᠷᠬᠠᠶ ᠶᠢ 99 ᠪᠠᠶᠢᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 27.3%᠎ ᠳᠤ ᠬᠦᠷᠴᠣ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ 70%᠎ ᠠᠴᠠ ᠳᠡᠭᠡᠭᠰᠢ ᠳᠤ ᠲᠤᠭᠳᠠᠪᠦᠷᠢᠵᠢᠪᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠦᠯᠡᠷᠬᠡᠭᠵᠢᠯ ᠎ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠬᠡᠷ᠎ᠡ ᠲᠤᠭᠳᠠᠬᠤ ᠲᠠᠯ᠎ᠠ ᠶᠢᠨ ᠬᠢᠨ ᠤ ᠶᠡᠭᠡ ᠬᠤᠷᠠᠯ ᠪᠣᠯᠤᠨ ᠵᠢᠷᠭᠤᠳᠤᠭᠠᠷ ᠂ ᠳᠣᠯᠣᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠴᠦᠯ ᠤᠨ ᠶᠠᠷᠢᠶᠠᠨ ᠤ ᠲᠠᠪᠴᠠᠩ ᠳᠤ ᠲᠤᠰᠪᠤᠷᠢ ᠪᠠᠶᠠᠷ ᠤᠨ ᠵᠠᠬᠢᠳᠠᠯ ᠢᠷᠡᠭᠦᠯᠵᠣ᠂ ᠮᠠᠨ ᠤ ᠬᠤᠳᠠ ᠶᠢᠨ ᠴᠦᠯᠡᠷᠬᠡᠭᠵᠢᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃    ᠡᠨᠡ ᠲᠠᠪᠤᠨ ᠵᠢᠯ ᠳᠤ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠨ ᠪᠦᠳᠦᠭᠡᠨ ᠪᠠᠶᠢᠭᠤᠯᠬᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠪᠠ᠃ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ᠂ ᠠᠵᠤ ᠣᠶᠢᠯᠡᠰᠵᠢᠭᠰᠡᠨ᠂ ᠨᠡᠷᠡᠳᠤ ᠲᠡᠮᠳᠡᠭᠴᠢᠯᠡᠭᠰᠡᠨ ᠬᠢᠷᠢ ᠬᠡᠮᠵᠢᠶ᠎ᠡ ᠲᠠᠰᠤᠷᠠᠯᠲᠠ ᠥᠬᠡᠶ ᠲᠡᠭᠡᠭᠰᠢᠯᠡᠵᠣ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠤᠲᠠ ᠪᠠᠯᠭᠠᠰᠤᠵᠢᠯᠲᠠ ᠶᠢᠨ ᠨᠣᠷᠮ᠎ᠠ ᠵᠠᠭᠤᠨ ᠤ ᠬᠤᠪᠢ ᠶᠢᠨ ᠬᠠᠷᠢᠴᠠᠯ ᠢᠶᠠᠷ 2 ᠲᠡᠭᠡᠭᠰᠢᠯᠡᠵᠣ᠂ 75%᠎ ᠳᠤ ᠬᠦᠷᠪᠡ᠃ ᠰᠢᠨ᠎ᠡ ᠪᠠᠷ ᠨᠡᠮᠡᠭᠳᠡᠭᠰᠡᠨ ᠲᠡᠮᠦᠷ ᠵᠠᠮ ᠤᠨ ᠠᠰᠢᠭᠯᠠᠯᠳᠠ ᠳᠤ ᠤᠷᠤᠭᠰᠠᠨ ᠵᠠᠮ ᠤᠨ ᠣᠷᠳᠣ 753 ᠺᠢᠯᠣᠮᠧᠲᠷ᠂ ᠳᠡᠭᠡᠳᠦ ᠬᠤᠷᠳᠤᠴᠠᠳᠤ ᠵᠠᠰᠠᠮᠠᠯ ᠵᠠᠮ ᠤᠨ ᠣᠷᠳᠣ 174 ᠺᠢᠯᠣᠮᠧᠲᠷ ᠲᠤ ᠬᠦᠷᠴᠣ᠂ ︽ᠳᠥᠷᠪᠡᠨ ᠰᠠᠶᠢᠨᠲᠠᠶ︾ ᠬᠥᠳᠡᠭᠡ ᠲᠣᠰᠬᠤᠨ ᠤ ᠵᠠᠮ ᠢ ᠰᠢᠨ᠎ᠡ ᠪᠠᠷ 5600 ᠺᠢᠯᠣᠮᠧᠲᠷ ᠪᠠᠶᠢᠭᠤᠯᠵᠤ᠂ 5G᠎ ᠶᠢᠨ ᠰᠠᠭᠤᠷᠢ ᠥᠷᠲᠡᠭᠡ ᠶᠢ 918 ᠪᠠᠶᠢᠭᠤᠯᠵᠤ᠂ ᠬᠥᠬᠡᠬᠤᠲᠠ ᠵᠡᠭᠦᠨᠭᠠᠷ ᠣᠷᠳᠣᠰ᠂ ᠬᠤᠯᠪᠤᠭᠠᠯᠵᠢ ᠠᠴᠠ ᠵᠢᠢ ᠠᠨ ᠬᠦᠷᠬᠦ ᠲᠡᠮᠦᠷ ᠵᠠᠮ ᠵᠡᠷᠭᠡ ᠴᠢᠬᠤᠯᠠ ᠲᠤᠮᠤ ᠰᠠᠭᠤᠷᠢ ᠲᠦᠭᠦᠭᠡᠷᠤᠮᠵᠢ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠣᠷᠳᠣᠰ ᠨᠢᠰᠬᠡᠯ ᠤᠨ ᠪᠠᠭᠤᠳᠠᠯ ᠪᠥᠬᠦ ᠤᠯᠤᠰ ᠤᠨ ᠳᠤᠮᠳᠠ ᠬᠡᠯᠪᠡᠷᠢ ᠶᠢᠨ ᠨᠢᠰᠬᠡᠯ ᠤᠨ ᠪᠠᠭᠤᠳᠠᠯ ᠤᠨ ᠡᠩᠨᠡᠭᠡᠨ ᠳᠤ ᠤᠷᠤᠵᠤ᠂ ᠠᠭᠠᠷ ᠤᠨ ᠠᠶᠠᠯᠠᠯ ᠤᠨ ᠪᠣᠭᠤᠮᠲᠠ ᠶᠢ ᠴᠢᠯᠤᠬᠡᠲᠠᠢ ᠨᠡᠬᠡᠬᠡᠬᠦ ᠶᠢ ᠪᠡᠶᠡᠯᠡᠭᠦᠯᠵᠣ᠂ ᠠᠭᠠᠷ ᠤᠨ ᠭᠠᠷᠠᠮ ᠤᠨ ᠪᠠᠷᠠᠭᠠᠨ ᠤ ᠭᠦᠢᠯᠬᠡᠬᠡᠨ ᠤ ᠬᠦᠷᠢᠶᠡᠯᠡᠩ ᠪᠦᠬᠦ ᠣᠯᠤᠰ ᠤᠨ ᠰᠢᠯᠢᠳᠡᠭ ᠪᠠᠷᠠᠭᠠᠨ ᠤ ᠭᠦᠢᠯᠬᠡᠬᠡᠨ ᠤ ᠬᠦᠷᠢᠶᠡᠯᠡᠩ ᠢᠶᠠᠷ ᠦᠨᠡᠯᠡᠭᠳᠡᠪᠡ᠃    ᠡᠨᠡ ᠲᠠᠪᠤᠨ ᠵᠢᠯ ᠳᠤ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠲᠦᠭᠡᠮᠡᠯ ᠬᠠᠷᠠᠭᠠᠯᠵᠠᠬᠤ ᠴᠢᠨᠠᠷᠲᠠᠶ ᠬᠡᠤᠬᠡᠳ ᠎ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 86%᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 93%᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠤᠷᠤᠬᠤ ᠨᠣᠷᠮ᠎ᠠ 98%᠎ ᠳᠤ ᠬᠦᠷᠴᠣ᠂ ︽ᠰᠣᠷᠣᠭᠴᠢ ᠣᠯᠠᠨᠲᠠᠶ ᠠᠩᠭᠢ︾ ᠦᠬᠡᠢ ᠪᠤᠯᠭᠠᠵᠣ᠂ ︽ᠨᠢᠭᠡ ᠵᠢᠩᠬᠢᠨᠢ ᠠᠩᠬᠢ ᠭᠤᠷᠪᠠᠨ ᠲᠤᠰᠬᠠᠶ ᠮᠡᠷᠭᠡᠵᠢᠯ︾᠎ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠲᠠᠰᠤᠷᠠᠯᠲᠠ ᠥᠬᠡᠶ ᠲᠡᠭᠡᠭᠰᠢᠯᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ᠂ ᠠᠵᠢᠯ ᠡᠷᠭᠢᠯᠡᠬᠦ ᠡᠮᠴᠢ᠂ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠲᠤᠰᠪᠤᠷᠢ 19.7%᠂ 30.2%᠂ 29.9% ᠨᠡᠮᠡᠭᠳᠡᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠴᠦᠮ ᠪᠦᠷᠬᠦᠬᠦᠯᠬᠦ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠣᠶᠢᠯᠡᠴᠢᠯᠡᠬᠡᠨ ᠤ ᠲᠥᠪ ᠤᠨ ᠪᠦᠷᠬᠦᠯᠳᠡ ᠶᠢᠨ ᠨᠣᠷᠮ᠎ᠠ 100%᠎ ᠳᠤ ᠬᠦᠷᠴᠦ᠂ ︽ᠬᠠᠷ᠎ᠠ ᠲᠣᠷᠭᠠᠨ ᠬᠠᠨᠵᠢᠶᠠᠷ︾ ᠳᠤᠮᠳᠠᠳᠤ ᠤᠯᠤᠰ ᠤᠨ ᠪᠥᠵᠢᠭ ᠤᠨ ︽ᠯᠢᠩᠬᠸ᠎ᠠ ᠱᠠᠩᠨᠠᠯ︾᠎ ᠤᠨ ᠠᠯᠲᠠᠨ ᠮᠧᠳᠠᠯ ᠢ ᠭᠥᠷᠳᠡᠵᠦ᠂ ᠪᠤᠷᠤᠪᠠᠯᠭᠠᠰᠤᠨ ᠤ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ᠂ ᠲᠤᠭᠤᠷᠢᠮ ᠤᠨ ᠬᠤᠪᠢᠰᠬᠠᠯ ᠤᠨ ᠰᠣᠶᠣᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠦᠷᠬᠡᠵᠢᠪᠡ᠃    ᠡᠨᠡ ᠲᠠᠪᠤᠨ ᠵᠢᠯ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠰᠢᠨ᠎ᠡ ᠲᠡᠭᠡᠭᠰᠢᠯᠡᠯᠳᠡ ᠲᠠᠢ ᠪᠤᠯᠪᠠ᠃ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠎ ᠳᠤ ᠬᠡᠷᠡᠭᠯᠡᠭᠰᠡᠨ ᠵᠠᠷᠤᠯᠭ᠎ᠠ 1498 ᠳ᠋ᠦᠩᠰᠢᠭᠤᠷ ᠲᠥᠭᠦᠷᠢᠭ ᠲᠤ ᠬᠦᠷᠴᠦ᠂ ᠬᠤᠳᠠ ᠪᠠᠯᠭᠠᠰᠤᠨ ᠤ ᠠᠵᠢᠯ ᠤᠯᠤᠭᠰᠠᠳ ᠰᠢᠨ᠎ᠡ ᠪᠠᠷ 15.4 ᠲᠦᠮᠡᠨ ᠬᠥᠮᠦᠨ ᠨᠡᠮᠡᠭᠳᠡᠵᠣ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰᠪᠤᠷᠢ 50306 ᠲᠥᠭᠦᠷᠢᠭ ᠪᠠ 21576 ᠲᠥᠭᠦᠷᠢᠭ ᠲᠤ ᠬᠦᠷᠴᠡᠶ᠃ ᠨᠡᠶᠢᠲᠡ 1.61 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠬᠦᠴᠢᠷᠳᠡᠯᠲᠡᠶ 21 ᠭᠠᠴᠠᠭ᠎ᠠ ᠲᠣᠰᠬᠤᠨ ᠴᠦᠮ ᠶᠠᠳᠠᠭᠤ ᠠᠴᠠ ᠠᠩᠬᠢᠵᠢᠷᠠᠵᠣ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠳᠠᠭᠤ ᠬᠦᠴᠢᠷᠳᠡᠯᠲᠡᠶ 1 ᠬᠤᠰᠢᠭᠤ ᠶᠠᠳᠠᠭᠤ ᠮᠠᠯᠠᠭᠠᠢ ᠪᠠᠨ ᠲᠠᠶᠠᠭᠳᠠᠵᠣ᠂ ᠶᠠᠳᠠᠭᠤ ᠭᠦᠴᠢᠷᠳᠡᠯᠲᠠᠢ ᠬᠦᠮᠦᠨ ᠠᠮᠠ ᠶᠢᠨ ᠡᠭᠦᠰᠦᠯᠳᠡ ᠶᠢᠨ ᠨᠣᠷᠮ᠎ᠠ ᠶᠢ ᠲᠡᠭ ᠪᠤᠯᠭᠠᠪᠠ᠃ ᠬᠤᠳᠠ ᠬᠥᠳᠡᠭᠡ ᠎ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠶᠢᠨ ᠲᠠᠩᠰᠠ ᠲᠠᠶᠢᠯᠬᠤ ᠪᠠᠷᠢᠮᠵᠢᠶ᠎ᠠ ᠵᠢᠯ ᠳᠠᠷᠠᠭᠠᠯᠠᠨ  ᠲᠡᠭᠡᠭᠰᠢᠯᠡᠵᠣ᠂ ᠬᠤᠳᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠪᠠ᠃    ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠬᠢᠴᠡᠭᠦᠯᠦᠶ᠎ᠡ᠂ ᠪᠢᠳᠠ ᠥᠷᠢᠰᠥᠯᠳᠦᠭᠡᠨ ᠢ ᠠᠷᠭᠠᠴᠠᠬᠤ ᠳᠤᠮᠳᠠ ᠰᠠᠨᠠᠭᠠᠴᠢᠯᠠᠭ᠎ᠠ ᠎ ᠠᠴᠠ ᠪᠠᠨ ᠠᠵᠢᠯᠯᠠᠭ᠎ᠠ ᠠᠪᠴᠣ᠂ ᠬᠦᠴᠢᠷ ᠪᠡᠷᠬᠡ ᠶᠢ ᠢᠯᠠᠨ ᠲᠠᠪᠠᠨ ᠡᠷᠡᠯᠬᠡᠭᠯᠡᠨ ᠤᠷᠤᠭᠰᠢᠯᠠᠵᠤ᠂ ᠡᠨᠡ ᠪᠦᠬᠦᠨ ᠬᠢᠯᠪᠡᠷ ᠪᠤᠰᠤ ᠭᠡᠳᠡᠭ ᠢ ᠬᠦᠨᠵᠡᠬᠡᠢ ᠰᠡᠷᠡᠵᠦ ᠮᠡᠳᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ᠂ ᠠᠮᠢᠳᠤᠯᠢᠭ ᠣᠶᠢᠯᠡᠳᠦᠯᠬᠡᠵᠢᠭᠦᠯᠦᠯᠳᠡ ᠶᠢᠨ ᠦᠷ᠎ᠡ ᠳ᠋ᠦᠩ ᠪᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠳᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠪᠤᠯᠤᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠬᠢᠨᠠᠯᠲᠠ ᠲᠠᠯᠪᠢᠯᠳᠠ ᠪᠠ ᠶᠡᠬᠡᠪᠡᠷ ᠳᠡᠮᠵᠢᠭᠰᠡᠨ ᠤ ᠦᠷ᠎ᠡ ᠳ᠋ᠦᠩ ᠪᠤᠯᠤᠨ᠎ᠠ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠪᠦᠬᠦ ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ᠂ ᠤᠷᠳᠤᠰ ᠤᠨ ᠥᠭᠡᠷᠡᠴᠢᠯᠡᠯᠲᠡ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠥᠬᠦᠳ᠂ ᠤᠷᠳᠤᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠪᠢᠳᠡ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠠᠯᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠎ ᠢᠶᠠᠷ ᠲᠠᠨᠢᠵᠤ ᠣᠯᠪᠠ᠃ ᠬᠢᠵᠢᠭ ᠤᠨ ᠪᠠᠶᠢᠳᠠᠯ ᠤᠨ ᠬᠤᠪᠢᠷᠠᠯᠲᠠ ᠪᠠ ᠭᠠᠳᠠᠭᠠᠳᠤ ᠣᠷᠴᠢᠨ ᠲᠤᠭᠤᠷᠢᠨ ᠳᠤ ᠠᠯᠢ ᠤᠯᠠᠨ ᠲᠤᠭᠳᠠᠪᠦᠷᠢᠳᠤ ᠪᠤᠰᠤ ᠴᠢᠨᠠᠷ ᠣᠷᠣᠰᠢᠵᠤ ᠂ ᠠᠵᠤ ᠠᠬᠤᠶ ᠶᠢᠨ ᠰᠡᠷᠭᠦᠯᠲᠡ ᠪᠠ ᠬᠡᠪ ᠤᠨ ᠡᠷᠬᠢᠯᠳᠡ ᠶᠢᠨ ᠰᠠᠭᠤᠷᠢ ᠬᠠᠷᠠᠬᠠᠨ ᠪᠠᠬᠢᠵᠢᠬᠡᠳᠤᠢ︔ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠎ ᠨᠢ ᠬᠢᠵᠠᠭᠠᠷᠯᠠᠬᠤ ᠬᠠᠷᠠᠯᠲᠠ ᠠᠴᠠ ᠶᠡᠭᠡ ᠬᠡᠮᠵᠢᠶ᠎ᠡ ᠪᠠᠷ ᠳᠠᠪᠠᠵᠤ᠂ ᠠᠵᠤ ᠣᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠲᠡᠪᠰᠢᠭᠦᠯᠬᠦ ᠪᠠ ᠴᠢᠨᠠᠷ ᠰᠠᠶᠢᠲᠠᠶ ᠬᠥᠭᠵᠢᠭᠦᠯᠬᠦ ᠡᠭᠦᠷᠭᠡ ᠲᠦᠢᠯ ᠤᠨ ᠬᠠᠲᠠᠭᠤ ᠪᠡᠷᠬᠡ ᠪᠠᠶᠢᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠠᠮᠢᠳᠤᠯᠢᠭ ᠪᠤᠰᠤ᠂ ᠣᠷᠣᠭᠤᠯᠤᠯᠲᠠ ᠬᠦᠷᠦᠯᠴᠡᠬᠦ ᠦᠭᠡᠢ ᠪᠠᠶᠢᠬᠤ ᠪᠠ ᠴᠢᠳᠠᠪᠤᠷᠢᠲᠠᠨ ᠳᠤᠲᠠᠭᠳᠠᠵᠤ ᠪᠠᠶᠢᠬᠤ ᠠᠰᠠᠭᠤᠳᠠᠯ ᠡᠳᠦᠷ ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ︔ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠷᠬᠡᠶ ᠪᠤᠰᠤ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠳᠤ ᠮᠥᠨ ᠯᠠ ᠴᠥᠭᠡᠨ ᠪᠤᠰᠤ ᠬᠦᠴᠢᠷᠳᠡᠯ᠂ ᠲᠦᠭᠵᠢᠷᠡᠯ᠂ ᠡᠪᠡᠷᠰᠢᠶᠡᠯ ᠲᠠᠢ ᠵᠤᠶᠢᠯ ᠣᠷᠣᠰᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠴᠢᠩᠭ᠎ᠠ ᠪᠤᠰᠤ᠂ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠨ᠎ᠠ︔ ᠵᠠᠷᠢᠮ ᠬᠤᠰᠢᠭᠤ ᠲᠤᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠎ ᠶᠢᠨ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠵᠠᠷᠢᠮ ᠲᠤᠳᠠᠭᠤᠳᠠᠯ ᠪᠠ ᠪᠠᠭᠤᠷᠠᠶ ᠭᠤᠭᠴᠤᠭ᠎ᠠ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠲᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠠᠳᠠᠯᠢ ᠪᠤᠰᠤ ᠬᠡᠮᠵᠢᠶ᠎ᠡ ᠎ ᠪᠠᠷ ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠤᠳ ᠢ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃   ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠪᠠ ᠦᠨᠳᠦᠰᠦᠨ ᠵᠠᠷᠴᠢᠮ    ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠥᠪᠵᠢᠭᠦᠯᠭᠡ ᠪᠠ 2035 ᠣᠨ ᠤ ᠠᠯᠤᠰ ᠬᠡᠳᠤ ᠶᠢᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂ ᠪᠢᠳᠡ ︽ᠤᠷᠳᠤᠰ ᠬᠤᠳᠠ ᠎ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠥᠯᠥᠪᠵᠢᠭᠦᠯᠭᠡ ᠪᠠ 2035 ᠣᠨ ᠤ ᠠᠯᠤᠰ ᠬᠡᠳᠤ ᠶᠢᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠡᠬᠡ ᠨᠤᠤᠷᠠᠭ︶︾᠎ ᠶᠢ ᠨᠠᠶᠢᠷᠠᠭᠤᠯᠤᠨ ᠵᠣᠬᠢᠶᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠶᠢᠯᠠᠵᠤ᠂ ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠷᠠᠳᠴᠣ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠦᠨ᠎ᠡ᠃    ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠤᠯᠤᠨ᠎ᠠ᠃ ᠤᠳᠤᠬᠠᠨ ᠳᠤ᠂ ᠤᠷᠳᠤᠰ ᠤᠨ ᠬᠦᠭᠵᠢᠯᠳᠡ ᠨᠢᠭᠡᠨᠳᠡ ᠰᠢᠨ᠎ᠡ ᠱᠠᠳᠤ ᠦᠶ᠎ᠡ ᠳᠤ ᠤᠷᠤᠵᠤ᠂ ᠪᠢᠳᠠ ᠰᠢᠨ᠎ᠡ ᠨᠢᠭᠡᠨ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠳᠤ ᠠᠭᠤᠯᠤᠭᠳᠠᠵᠤ ᠪᠠᠶᠢᠭ᠎ᠠ ᠴᠢᠬᠤᠯᠠ ᠲᠤᠮᠤ ᠠᠵᠠ ᠲᠣᠬᠢᠶᠠᠯ ᠳᠤ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠪᠠ ᠨᠡᠭᠦᠷᠡᠰᠦᠲᠥ᠋ᠷᠥᠭᠴᠢ ᠎ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠬᠠᠷᠠᠯᠲᠠ᠂ ᠡᠨᠧᠷᠬᠢ ᠶᠢᠨ ᠬᠤᠷᠤᠭᠳᠠᠯ ᠤᠨ ︽ᠬᠤᠶᠠᠷ ᠢ ᠬᠢᠵᠠᠭᠠᠷᠯᠠᠬᠤ︾᠎ ᠨᠢ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠡᠳᠡᠷᠬᠦ ᠰᠢᠬᠠᠮᠳᠠᠭᠤᠯᠵᠤ ᠪᠠᠶᠢᠭ᠎ᠠ ᠪᠠᠴᠢᠮ ᠲᠤᠯᠭᠠᠮ᠎ᠠ ᠡᠭᠦᠷᠭᠡ ᠳᠤ ᠲᠤᠯᠭᠠᠷᠠᠵᠤ ᠪᠠᠶᠢᠨ᠎ᠠ᠃ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠎ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠳᠠᠯ ᠳᠤ ᠲᠦᠷᠭᠡᠨ ᠠᠭᠤᠰᠤᠯᠴᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠴᠢᠭᠯᠡᠭᠦᠯᠦᠨ᠂ ᠣᠷᠣᠨ ᠪᠠᠶᠢᠷᠢ ᠪᠠᠨ ᠣᠨᠣᠪᠴᠢᠲᠠᠢ ᠣᠯᠵᠤ᠂ ᠦᠪᠡᠷᠮᠢᠴᠡ ᠣᠨᠴᠠᠯᠢᠭ ᠢᠶᠠᠨ ᠢᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠣ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠭᠰᠡᠨ ᠬᠤᠰᠢᠭᠤᠷᠠᠯ ᠣᠷᠣᠨ ᠢ ᠪᠦᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠤᠨ᠎ᠠ᠃    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠠᠮᠲᠤ ᠎ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠢᠮᠠᠭᠲᠠ ᠬᠥᠭᠵᠢᠯᠲᠡ ᠶᠢᠨ ᠡᠭᠦᠰᠦᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠲᠤᠳᠠᠭᠤᠳᠠᠯ ᠢ ᠴᠢᠷᠮᠠᠶᠢᠨ ᠨᠥᠬᠦᠪᠥᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠲᠡᠰ ᠢ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃    ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠦᠨᠳᠦᠰᠦᠨ ᠵᠣᠷᠢᠯᠲᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠵᠣᠪᠠᠨᠢᠬᠤ ᠤᠬᠠᠮᠰᠠᠷ ᠎ ᠤᠨ ᠲᠠᠯ᠎ᠠ ᠠᠴᠠ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠲᠦᠭᠦᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢ ᠤᠷᠢᠳᠠᠪᠠᠷ ᠪᠤᠳᠤᠯᠬᠢᠯᠠᠵᠣ᠂ ᠪᠣᠬᠢᠷᠲᠤᠯ ᠦᠭᠡᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠵᠤᠷᠢᠭ ᠰᠠᠨᠠᠭ᠎ᠠ ᠶᠢ ᠢᠮᠠᠭᠲᠠ ᠪᠠᠷᠢᠮᠳᠠᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠷᠭᠦᠯᠵᠢᠯᠡᠭᠰᠡᠨ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠦᠲᠦᠬᠡᠨ ᠪᠠᠶᠢᠭᠤᠯᠤᠯᠳᠠ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠦᠵᠡᠰᠬᠦᠯᠡᠩᠲᠦ ᠰᠠᠶᠢᠬᠠᠨ ᠪᠠ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃    ᠦᠬᠡᠷᠡᠴᠢᠯᠡᠯᠳᠡ ᠬᠢᠵᠤ ᠰᠢᠨ᠎ᠡ ᠶᠢ ᠡᠭᠦᠳᠬᠦ ᠶᠢ ᠬᠦᠨᠵᠡᠬᠡᠶᠢᠷᠡᠭᠦᠯᠬᠦ ᠶᠢ ᠪᠠᠷᠢᠮᠳᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠎ ᠪᠠᠷ ᠳᠡᠭᠡᠭᠰᠢᠯᠡᠭᠦᠯᠵᠦ᠂ ᠬᠥᠭᠵᠢᠯᠲᠡ ᠨᠢ ᠭᠦᠴᠦᠨ ᠵᠣᠶᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠳᠠᠯ ᠢ ᠲᠦᠷᠬᠡᠨ ᠎ ᠢᠶᠠᠷ ᠪᠠᠶᠢᠭᠤᠯᠵᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠭᠵᠢᠯᠲᠡ ᠶᠢᠨ ᠲᠡᠩᠴᠡᠭᠦᠷᠢᠲᠠᠢ ᠪᠤᠰᠤ ᠭᠦᠢᠴᠡᠳ ᠪᠤᠰᠤ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ ᠭᠦᠨᠵᠡᠭᠡᠶ ᠣᠷᠣᠯᠴᠠᠵᠤ᠂ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ ᠭᠠᠳᠠᠭᠠᠳᠤ ᠎ ᠶᠢᠨ ᠬᠤᠤᠰ ᠤᠷᠴᠢᠯ ᠳᠤ ᠨᠠᠩ ᠰᠠᠶᠢᠨ ᠠᠭᠤᠰᠤᠯᠴᠠᠨ᠂ ᠨᠠᠩ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠲᠠᠢ ᠴᠢᠯᠣᠬᠡᠲᠠᠢ ᠶᠠᠪᠤᠯᠴᠠᠬᠤ ᠶᠢ ᠪᠡᠶᠡᠯᠡᠭᠦᠯᠦᠨ᠎ᠡ᠃    ᠰᠢᠰᠲ᠋ᠧᠮᠲᠦ ᠦᠵᠡᠯᠲᠡ ᠶᠢ ᠪᠠᠷᠢᠮᠲᠠᠯᠠᠨ᠎ᠠ᠃ ᠡᠨᠧᠷᠬᠢ᠂ ᠠᠮᠤ ᠪᠤᠳᠠᠭ᠎ᠠ᠂ ᠠᠵᠤ ᠤᠶᠢᠯᠡᠰ᠂ ᠠᠮᠢ ᠠᠬᠤᠢ ᠶᠢᠨ ᠠᠮᠦᠷ ᠲᠦᠪᠰᠢᠨ ᠢ ᠨᠢᠭᠡᠳᠦᠯᠲᠡᠢ ᠲᠦᠯᠦᠪᠯᠡᠵᠣ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠵᠤᠪᠠᠨᠢᠬᠤ ᠤᠬᠠᠮᠰᠠᠷ ᠢ ᠴᠢᠩᠭᠠᠳᠬᠠᠵᠤ᠂ ᠪᠠᠷᠠᠯᠠᠯᠳᠤ ᠴᠢᠨᠠᠷ ᠲᠠᠢ ᠪᠤᠳᠤᠯᠬᠢᠯᠠᠯᠳᠠ᠂ ᠪᠦᠬᠦ ᠲᠠᠯ᠎ᠠ ᠶᠢᠨ ᠴᠢᠨᠠᠷᠲᠠᠢ ᠰᠦᠪᠡᠭᠴᠢᠯᠡᠯᠳᠡ᠂ ᠪᠠᠶᠢᠯᠳᠤᠬᠤ ᠪᠤᠳᠤᠯᠭ᠎ᠠ ᠶᠢᠨ  ᠴᠢᠨᠠᠷ ᠲᠠᠢ ᠪᠠᠶᠢᠷᠢᠯᠠᠭᠤᠯᠤᠯᠳᠠ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠴᠢᠩᠭᠠᠳᠬᠠᠵᠤ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠭᠦᠴᠦᠨ ᠵᠣᠶᠢᠯ ᠤᠨ ᠬᠢᠵᠠᠭᠠᠷᠯᠠᠯ ᠪᠠ ᠲᠤᠳᠠᠭᠤᠳᠠᠯ ᠤᠨ ᠠᠰᠠᠭᠤᠳᠠᠯ ᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠡᠯ᠎ᠡ ᠲᠦᠷᠦᠯ ᠤᠨ ᠲᠠᠯᠳᠠ ᠭᠡᠮ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠥᠭᠵᠢᠯᠲᠡ ᠶᠢᠨ ᠶᠠᠰᠤ ᠴᠢᠨᠠᠷ᠂ ᠪᠦᠲᠦᠴᠡ᠂ ᠬᠡᠪᠴᠢᠶ᠎ᠡ᠂ ᠬᠤᠷᠳᠤᠴᠠ᠂ ᠦᠷ᠎ᠡ ᠠᠰᠢᠭ᠂ ᠠᠮᠤᠷ ᠲᠦᠪᠰᠢᠨ ᠢ ᠬᠠᠷᠢᠯᠴᠠᠨ ᠨᠢᠬᠡᠳᠦᠭᠦᠯᠬᠦ ᠶᠢ ᠪᠡᠶᠡᠯᠡᠭᠦᠯᠦᠨ᠎ᠡ᠃    ᠲᠥᠯᠥᠭᠡᠯᠡᠭᠴᠢᠳ ᠡ︕ ᠥᠩᠭᠡᠷᠡᠭᠰᠡᠨ ᠤ ᠶᠠᠪᠤᠳᠠᠯ ᠪᠦᠬᠦᠨ ᠨᠢ ᠴᠥᠮ ᠣᠷᠣᠰᠢᠯ ᠯᠠ ᠪᠣᠯᠤᠨ᠎ᠠ᠃ ᠤᠷᠳᠤᠰ ᠤᠨ ᠬᠥᠭᠵᠢᠯᠲᠡ ᠵᠠᠯᠭᠠᠯᠳᠤᠨ ᠦᠷᠭᠦᠯᠵᠢᠯᠡᠵᠦ ᠂ ᠥᠨᠥᠳᠦᠷ ᠤᠨ ᠴᠢᠷᠮᠠᠶᠢᠯᠭ᠎ᠠ ᠨᠢ ᠮᠠᠷᠭᠠᠰᠢ ᠶᠢᠨ ᠢᠷᠠᠭᠤ ᠠᠯᠳᠠᠷ ᠢ ᠡᠭᠦᠳᠬᠦ ᠪᠣᠯᠤᠨ᠎ᠠ᠃ 2025 ᠣᠨ ᠪᠣᠯᠬᠤ ᠳᠤ᠂ ᠮᠠᠨ ᠤ ᠬᠤᠳᠠ ᠨᠢ ᠠᠵᠤ ᠦᠢᠯᠡᠰ ᠤᠨ ᠳᠡᠭᠡᠳᠦ ᠲᠡᠰ ᠤᠨ ᠪᠣᠳᠠᠲᠤ ᠬᠦᠴᠦᠨ ᠲᠠᠢ ᠬᠤᠳᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ ᠬᠤᠳᠠ᠂ ᠴᠡᠩᠬᠡᠷ ᠨᠤᠮᠢᠨ ᠢᠶᠠᠷ ᠠᠮᠢᠯᠠᠭᠤᠯᠤᠭᠰᠠᠨ ᠠᠮᠢ ᠠᠬᠤᠢ ᠶᠢᠨ ᠬᠤᠳᠠ᠂ ᠠᠮᠤᠷ ᠲᠣᠭᠲᠠᠭᠤᠨ ᠡᠶ᠎ᠡ ᠵᠣᠬᠢᠴᠠᠩᠭᠤᠢ ᠵᠣᠯ ᠵᠢᠷᠭᠠᠯᠲᠤ ᠬᠤᠳᠠ ᠪᠣᠯᠬᠤ ᠪᠣᠯᠤᠨ᠎ᠠ᠃ 2035 ᠣᠨ ᠪᠣᠯᠬᠤ ᠳᠤ᠂ ᠪᠢᠳᠡ ᠪᠦᠬᠦ ᠤᠯᠤᠰ᠂ ᠪᠦᠬᠦ ᠣᠷᠣᠨ ᠲᠠᠢ ᠬᠠᠮᠲᠤᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠢᠷᠡᠭᠡᠳᠦᠢ ᠪᠠᠨ ᠪᠠᠷᠠᠯᠠᠬᠤᠶ᠎ᠠ᠂ ᠪᠢᠳᠡ ᠢᠲᠡᠭᠡᠯ ᠲᠡᠭᠦᠯᠳᠡᠷ ᠪᠠᠶᠢᠨ᠎ᠠ᠂ ᠤᠷᠳᠤᠰ ᠤᠨ ᠮᠠᠷᠭᠠᠰᠢ ᠯᠠᠪᠳᠠᠶᠢᠶ᠎ᠠ ᠨᠡᠩ ᠰᠠᠶᠢᠨ ᠰᠠᠶᠢᠬᠠᠨ ᠪᠤᠯᠤᠨ᠎ᠠ ᠬᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕   ᠭᠤᠷᠪᠠ᠂ 2021 ᠣᠨ ᠤ ᠭᠤᠣᠯ ᠠᠵᠢᠯ ᠤᠨ ᠲᠤᠬᠢᠷᠠᠭᠤᠯᠤᠯᠳᠠ    ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠤᠨ᠎ᠠ᠂ ᠮᠦᠨ ᠴᠣ᠋ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠱᠠᠳᠤ ᠠᠴᠠ ᠡᠭᠦᠰᠴᠣ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠲᠤᠤᠱᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠦᠳᠡᠯᠬᠡᠭᠴᠢ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠳᠤᠳᠬᠠᠨ ᠥᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠬᠡᠭᠦᠷ ᠪᠤᠯᠭᠠᠬᠤ ᠶᠢ ᠬᠦᠨᠵᠡᠬᠡᠶᠢᠷᠡᠭᠦᠯᠵᠣ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠲᠠᠢ ᠴᠢᠯᠥᠬᠡᠲᠠᠢ ᠶᠠᠪᠤᠯᠴᠠᠬᠤ ᠶᠢ ᠥᠷᠭᠡᠳᠬᠡᠨ᠂ ᠠᠵᠤ ᠠᠬᠤᠶ ᠶᠢᠨ ᠡᠷᠬᠢᠯᠳᠡ ᠶᠢ ᠵᠦᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠳᠤᠯᠠᠬᠤ ᠪᠠᠷ ᠴᠢᠷᠮᠠᠶᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠭᠦᠯᠬᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃    ᠪᠦᠬᠦ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠵᠢᠱᠢᠭᠰᠡᠨ ᠭᠤᠤᠯ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠤᠷᠴᠢᠮ ᠨᠡᠮᠡᠭᠳᠡᠬᠦᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢ 6% ᠤᠷᠴᠢᠮ ᠨᠡᠮᠡᠭᠳᠡᠬᠦᠯᠦᠨ᠂ ᠬᠤᠲᠠ ᠪᠠᠯᠭᠠᠰᠣᠨ ᠤ ᠲᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%᠎ ᠶᠢᠨ ᠲᠤᠳᠤᠷ᠎ᠠ ᠬᠢᠵᠠᠭᠠᠷᠯᠠᠵᠤ᠂ ᠰᠠᠭᠤᠭᠠᠯᠢ ᠠᠷᠠᠳ ᠤᠨ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠬᠦᠯᠵᠤ᠂ ᠨᠢᠭᠡᠴᠡ GDP᠎ ᠤᠨ ᠡᠨᠧᠷᠬᠢ ᠶᠢᠨ ᠬᠤᠷᠤᠭᠳᠠᠯ ᠤᠨ ᠦᠪᠡᠷᠲᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠡᠬᠦᠷᠭᠡ ᠶᠢ ᠴᠢᠷᠮᠠᠶᠢᠨ ᠪᠡᠶᠡᠯᠡᠬᠦᠯᠵᠤ᠂ ᠭᠤᠤᠯ ᠪᠤᠯᠬᠤ ᠪᠤᠬᠢᠷᠲᠤᠯ ᠪᠤᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠦᠷᠬᠦᠯᠵᠢᠯᠡᠨ ᠪᠠᠭᠤᠷᠠᠭᠤᠯᠤᠨ᠎ᠠ᠃ ᠲᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄    ︵ᠨᠢᠬᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠲᠤᠭᠳᠠᠪᠤᠷᠢᠵᠢᠭᠤᠯᠤᠨ᠎ᠠ᠃    ᠪᠦᠲᠦᠮᠵᠢᠲᠠᠢ ᠪᠡᠯᠡ ᠤᠷᠤᠭᠤᠯᠤᠯᠲᠠ ᠶᠢ ᠴᠢᠷᠮᠠᠶᠢᠨ ᠦᠷᠭᠡᠳᠭᠡᠨ᠎ᠡ᠃ ᠲᠥᠷᠦᠯ ᠵᠦᠢᠯ ᠢ ᠠᠳᠬᠤᠬᠤ ᠨᠢ ᠳᠠᠷᠤᠢ ᠬᠦᠭᠵᠢᠯᠲᠡ ᠶᠢ ᠠᠳᠬᠤᠵᠤ᠂ ᠲᠤᠭᠳᠠᠭᠤᠨ ᠎ ᠢᠶᠠᠷ ᠨᠡᠮᠡᠭᠳᠡᠬᠦᠯᠬᠦ ᠳᠤ ᠡᠷᠭᠡᠪᠰᠢ ᠪᠡᠯᠡ ᠤᠷᠤᠭᠤᠯᠤᠯᠲᠠ ᠶᠢ ᠲᠤᠭᠲᠠᠪᠤᠷᠢᠵᠢᠭᠤᠯᠬᠤ ᠤᠶᠢᠯᠠᠭᠠᠭᠳᠠᠬᠤᠨ ᠢ ᠴᠢᠩᠭᠠᠳᠬᠠᠵᠤ᠂ ᠪᠡᠯᠡ ᠤᠷᠤᠭᠤᠯᠤᠯᠲᠠ ᠶᠢᠨ ᠬᠡᠮᠵᠢᠶ᠎ᠡ᠂ ᠴᠢᠭᠯᠡᠯᠲᠡ᠂ ᠦᠷ᠎ᠡ ᠠᠰᠢᠭ ᠢ ᠬᠠᠮᠲᠤ ᠳᠤᠨᠢ ᠴᠢᠬᠤᠯᠠᠴᠢᠯᠠᠵᠤ᠂ ᠪᠦᠲᠦᠬᠡᠨ ᠪᠠᠶᠢᠭᠤᠯᠤᠯᠲᠠ ᠬᠠᠮᠢᠶᠠᠷᠤᠯᠲᠠ ᠡᠷᠬᠢᠯᠲᠡ ᠡᠵᠡᠩᠨᠡᠯᠲᠡ ᠶᠢ ᠵᠡᠷᠭᠡᠪᠡᠷ ᠠᠳᠬᠤᠵᠤ᠂ ᠪᠡᠯᠡ ᠤᠷᠤᠭᠤᠯᠤᠯᠲᠠ ᠶᠢᠨ ᠲᠤᠭᠳᠠᠭᠤᠨ ᠡᠷᠬᠢᠯᠳᠡ ᠶᠢ ᠪᠠᠲᠤᠯᠠᠨ᠎ᠠ᠃ ᠲᠦᠷᠦᠯ ᠵᠦᠢᠯ ᠢ ᠦᠨᠳᠦᠷ ᠪᠦᠲᠦᠮᠵᠢᠲᠠᠢ ᠪᠠᠷ ᠪᠦᠲᠦᠬᠡᠨ ᠪᠠᠶᠢᠭᠤᠯᠵᠤ᠂ ᠬᠤᠭᠤᠴᠠᠭ᠎ᠠ ᠬᠢᠵᠠᠭᠠᠷᠯᠠᠵᠤ ᠭᠡᠳᠡᠷᠬᠦ ᠰᠢᠬᠠᠬᠤ᠂ ᠨᠢᠭᠡᠳᠦᠯᠲᠠᠢ ᠲᠥᠯᠦᠪᠯᠡᠨ ᠬᠤᠯᠪᠤᠭᠠᠯᠠᠨ ᠬᠦᠳᠡᠯᠦᠯᠴᠡᠬᠦ ᠪᠠ ᠱᠠᠭᠠᠷᠳᠠᠨ ᠬᠦᠢᠴᠡᠳᠭᠡᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ ᠶᠢᠨ ᠬᠤᠷᠲᠤᠴᠠ ᠶᠢ ᠲᠦᠷᠭᠡᠳᠭᠡᠵᠤ᠂ 318 ᠭᠤᠤᠯᠳᠠᠯᠭ᠎ᠠ ᠲᠠᠢ ᠲᠦᠷᠦᠯ ᠵᠦᠢᠯ ᠳᠤ 550 ᠳ᠋ᠦᠩᠰᠢᠭᠤᠷ ᠲᠥᠬᠦᠷᠢᠭ ᠣᠷᠴᠢᠮ ᠤᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠶᠢ ᠪᠠᠲᠤᠯᠠᠨ᠎ᠠ᠃ ᠲᠦᠷᠦᠯ ᠵᠦᠢᠯ ᠢ ᠦᠨᠳᠦᠷ ᠲᠦᠪᠰᠢᠨ ᠢᠶᠠᠷ ᠰᠦᠪᠡᠭᠴᠢᠯᠡᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠬᠠᠨᠳᠣᠰᠢ ᠶᠢ ᠠᠩᠬᠠᠷᠴᠤ᠂ ︽ᠠᠷᠪᠠᠨ ᠲᠦᠷᠪᠡᠳᠦᠬᠡᠷ ᠲᠠᠪᠤᠨ ᠵᠢᠯ︾᠎ ᠤᠨ ᠲᠥᠯᠦᠪᠵᠢᠬᠦᠯᠬᠡ ᠶᠢᠨ ᠬᠡᠷᠡᠭᠵᠢᠬᠦᠯᠦᠯᠲᠡ ᠎ ᠯᠦᠭᠡ ᠤᠶᠠᠯᠳᠤᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠲᠤᠭᠤᠷᠢᠨ ᠳᠤ ᠨᠢᠭᠡ ᠪᠦᠯᠦᠭ ᠲᠥᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠤ᠂ ᠱᠠᠲᠤ ᠲᠠᠪᠬᠤᠷᠭ᠎ᠠ ᠪᠠᠷ ᠠᠬᠢᠭᠤᠯᠤᠭᠰᠠᠨ᠂ ᠵᠠᠯᠭᠠᠨ ᠲᠠᠭᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠤᠢ ᠪᠤᠯᠭᠠᠵᠤ᠂ ᠦᠷᠬᠦᠯᠵᠢᠯᠡᠨ ᠪᠡᠯᠡ ᠤᠷᠤᠭᠤᠯᠬᠤ ᠳᠤ ᠭᠠᠷᠳᠠᠴᠠ ᠲᠠᠢ᠂ ᠤᠷᠲᠤ ᠬᠤᠭᠤᠴᠠᠭ᠎ᠠ ᠪᠠᠷ ᠬᠦᠭᠵᠢᠬᠦᠯᠬᠦ ᠳᠤ ᠨᠦᠬᠡᠴᠡ ᠬᠦᠴᠦᠨ ᠲᠠᠢ ᠪᠠᠶᠢᠬᠤ ᠶᠢ ᠪᠠᠲᠤᠯᠠᠨ᠎ᠠ᠃ ᠲᠦᠷᠦᠯ ᠵᠦᠢᠯ ᠢ ᠤᠷᠤᠭᠤᠯᠤᠨ ᠠᠪᠴᠢᠷᠠᠬᠤ ᠠᠵᠢᠯ ᠢ ᠦᠨᠳᠦᠷ ᠶᠠᠰᠤ ᠴᠢᠨᠠᠷ ᠲᠠᠢ ᠪᠠᠷ ᠦᠷᠨᠢᠭᠦᠯᠵᠣ᠂ ᠬᠤᠰᠢᠭᠤ ᠲᠤᠭᠤᠷᠢᠭ ᠢ ᠲᠠᠪᠠᠭᠤᠯᠢᠭ ᠤᠨᠴᠠᠯᠢᠭ ᠠᠴᠠ ᠪᠠᠨ ᠡᠬᠦᠰᠦᠨ ᠦᠨᠳᠦᠷ ᠪᠦᠲᠦᠮᠵᠢᠲᠠᠢ ᠪᠠᠷ ᠬᠤᠳᠠᠯᠳᠤᠭᠠᠴᠢᠨ ᠤᠷᠢᠬᠤ ᠶᠢ ᠲᠡᠮᠵᠢᠵᠤ᠂ ᠬᠦᠷᠢᠶᠡᠯᠡᠩ ᠲᠤᠭᠤᠷᠢᠭ ᠢ ᠪᠦᠯᠦᠭᠯᠡᠨ ᠬᠦᠭᠵᠢᠬᠦᠯᠬᠦ ᠶᠢᠨ ᠲᠤᠭᠤᠷᠢᠨ ᠳᠤ ᠤᠨᠤᠴᠠᠲᠠᠢ ᠎ ᠪᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠠᠵᠤ ᠦᠢᠯᠡᠰ ᠤᠨ ᠬᠡᠯᠬᠢᠶᠡᠵᠢᠯ ᠳᠤ ᠲᠦᠰᠢᠭᠯᠡᠨ ᠢᠵᠢ ᠪᠦᠷᠢᠳᠦᠬᠦᠯᠦᠨ ᠬᠤᠳᠠᠯᠳᠤᠭᠠᠴᠢᠨ ᠤᠷᠢᠵᠤ᠂ ᠰᠠᠯᠠᠭ᠎ᠠ ᠮᠦᠴᠢᠷ ᠤᠨ ᠦᠢᠯᠡᠴᠢᠯᠡᠬᠡᠨ ᠤ ᠪᠠᠲᠤᠯᠠᠭ᠎ᠠ ᠶᠢᠨ ᠴᠢᠳᠠᠪᠬᠢ ᠶᠢ ᠴᠢᠩᠭᠠᠳᠬᠠᠵᠤ᠂ ᠨᠡᠩ ᠤᠯᠠᠨ ᠴᠢᠨᠠᠷ ᠰᠠᠶᠢᠲᠠᠢ ᠲᠦᠷᠦᠯ ᠵᠦᠢᠯ ᠢ ᠲᠠᠳᠠᠨ ᠠᠪᠴᠢᠷᠠᠵᠤ ᠨᠤᠲᠤᠭᠰᠢᠭᠤᠯᠤᠨ᠎ᠠ᠃    ᠬᠡᠷᠡᠭᠯᠡᠭᠡ ᠶᠢᠨ ᠪᠠᠭᠳᠠᠭᠠᠮᠵᠢ ᠶᠢ ᠶᠡᠬᠡᠰᠭᠡᠵᠤ ᠴᠢᠨᠠᠷ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠬᠡᠷᠡᠭᠯᠡᠭᠡ ᠶᠢᠨ ᠲᠡᠰ ᠲᠡᠪᠰᠢᠬᠦ ᠬᠠᠨᠳᠣᠰᠢ ᠳᠤ ᠵᠤᠬᠢᠴᠠᠭᠤᠯᠵᠤ᠂ ᠤᠳᠤ ᠦᠶ᠎ᠡ ᠶᠢᠨ ᠪᠠᠷᠠᠭᠠᠨ ᠤ ᠬᠦᠢᠯᠬᠡᠬᠡ᠂ ᠮᠦᠩᠬᠦᠨ ᠬᠦᠢᠯᠬᠡᠬᠡ᠂ ᠮᠡᠳᠡᠭᠡ ᠵᠠᠩᠬᠢ ᠶᠢᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷ ᠲᠠᠢ ᠦᠢᠯᠡᠴᠢᠯᠡᠬᠡᠨ ᠎ ᠤ ᠦᠢᠯᠡᠰ ᠪᠠ ᠡᠮᠨᠡᠯᠬᠡ ᠡᠷᠡᠬᠦᠯ ᠮᠡᠨᠲᠦ᠂ ᠨᠠᠰᠣᠲᠠᠨ ᠢ ᠠᠰᠠᠷᠠᠬᠤ ᠨᠠᠶᠢᠲᠠᠨ ᠠᠰᠠᠷᠠᠭᠤᠯᠬᠤ᠂ ᠰᠣᠶᠣᠯ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠴᠢᠨᠠᠷ ᠲᠠᠢ ᠦᠢᠯᠡᠴᠢᠯᠡᠬᠡᠨ ᠤ ᠦᠢᠯᠡᠰ ᠢ ᠶᠡᠬᠡᠪᠡᠷ ᠬᠦᠭᠵᠢᠬᠦᠯᠵᠤ᠂ ᠦᠢᠯᠡᠴᠢᠯᠡᠬᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠵᠤ᠂ ᠡᠵᠡᠯᠡᠬᠦ ᠬᠠᠷᠢᠴᠠᠯ ᠢ ᠨᠡᠮᠡᠭᠳᠡᠬᠦᠯᠵᠤ᠂ ᠶᠠᠰᠣ ᠴᠢᠨᠠᠷ ᠦᠷ᠎ᠡ ᠪᠦᠲᠦᠮᠵᠢ ᠶᠢ ᠲᠡᠭᠡᠭᠰᠢᠯᠡᠬᠦᠯᠬᠦ ᠶᠢ ᠲᠠᠶᠢᠴᠢᠯᠠᠨ᠎ᠠ᠃ ᠬᠤᠲᠠ ᠶᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠲᠡᠪᠰᠢᠬᠦᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠳᠠᠯᠳᠤᠭᠠᠨ ᠤ ᠶᠠᠪᠠᠭᠠᠨ ᠵᠡᠭᠡᠯᠢ ᠪᠤᠯᠭᠠᠨ ᠲᠡᠪᠰᠢᠬᠦᠯᠦᠨ ᠦᠬᠡᠷᠡᠴᠢᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠭᠤᠶᠤᠴᠢᠯᠠᠨ ᠪᠦᠲᠦᠬᠡᠨ ᠪᠠᠶᠢᠭᠤᠯᠤᠨ᠎ᠠ᠃ ᠡᠭᠦᠯᠡᠨ ᠢᠶᠠᠷ ᠪᠠᠷᠠᠭ᠎ᠠ ᠬᠤᠳᠠᠯᠳᠤᠨ ᠠᠪᠬᠤ᠂ ᠰᠢᠭᠤᠳ ᠨᠡᠪᠳᠡᠷᠡᠬᠦᠯᠬᠡ ᠪᠠᠷ ᠪᠠᠷᠠᠭ᠎ᠠ ᠬᠤᠳᠠᠯᠳᠤᠬᠤ ᠵᠡᠷᠭᠡ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠠᠭᠤᠰᠤᠯᠴᠠᠭᠰᠠᠨ ᠬᠡᠷᠡᠭᠯᠡᠭᠡ ᠶᠢ ᠬᠥᠭᠵᠢᠭᠦᠯᠬᠦ ᠶᠢ ᠳᠡᠮᠵᠢᠵᠦ᠂ ᠰᠥᠨᠢ ᠶᠢᠨ ᠠᠵᠤ ᠠᠬᠤᠶ᠂ ᠠᠮᠠᠷᠠᠯᠲᠠ ᠶᠢᠨ ᠡᠳᠦᠷ ᠤᠨ ᠠᠵᠤ ᠠᠬᠤᠶ᠂ ᠪᠣᠬᠢᠷᠲᠤᠯ ᠦᠭᠡᠶ ᠬᠡᠷᠡᠭᠯᠡᠭᠡ ᠵᠡᠷᠭᠡ ᠬᠡᠷᠡᠭᠯᠡᠭᠡᠨ ᠤ ᠵᠠᠭᠪᠤᠷ ᠢ ᠢᠳᠡᠪᠬᠢᠲᠡᠶ ᠪᠠᠷ ᠬᠥᠭᠵᠢᠭᠦᠯᠦᠨ᠎ᠡ᠃ ᠬᠤᠲᠠ ᠬᠥᠳᠡᠭᠡ ᠶᠢᠨ ᠬᠦᠯᠳᠡᠬᠦᠦ ᠬᠦᠮᠦᠷᠭᠡᠯᠡᠯᠲᠡ ᠶᠢᠨ ᠪᠦᠲᠦᠭᠡᠨ ᠪᠠᠶᠢᠭᠤᠯᠤᠯᠲᠠ᠂ ᠲᠣᠬᠢᠷᠠᠭᠤᠯᠤᠨ ᠬᠦᠷᠭᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠎ ᠤ ᠳᠠᠯᠳᠠ ᠬᠦᠴᠦᠨ ᠢ ᠠᠭᠤᠳᠠᠯᠠᠨ᠎ᠠ᠃    ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠤᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠠᠲᠤᠳᠬᠠᠨ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠤᠯᠠᠨ ᠲᠠᠯᠠᠲᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠂ ᠪᠠᠶᠢᠭᠠᠯᠢ ᠶᠢᠨ ᠰᠢᠲᠠᠮᠠᠬᠠᠶ ᠬᠡᠢ ᠦᠢᠯᠡᠳᠪᠦᠷᠢᠯᠡᠬᠦ ᠬᠠᠩᠭᠠᠬᠤ ᠬᠠᠳᠠᠭᠠᠯᠠᠬᠤ ᠪᠣᠷᠣᠯᠠᠭᠤᠯᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠶᠢᠨ ᠥᠪᠡᠷ ᠤᠨ ᠦᠷᠳᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠦᠷᠭᠡᠳᠭᠡᠵᠤ᠂ ᠬᠤᠳᠠ ᠶᠢᠨ ᠲᠤᠰ ᠱᠠᠲᠤᠨ ᠤ ᠪᠡᠯᠡ ᠴᠤᠭᠯᠠᠭᠤᠯᠬᠤ ᠳᠠᠭᠠᠭᠠᠯᠲᠠ ᠶᠢᠨ ᠲᠦᠭᠰᠢᠭᠦᠷᠢ ᠶᠢᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠰᠠᠭᠤᠷᠢ ᠮᠥᠩᠭᠦ ᠶᠢ ᠪᠠᠶᠢᠭᠤᠯᠵᠤ᠂ ᠵᠢᠦ ᠲᠠᠢ᠂ ᠬᠤᠸᠠᠨ ᠰᠢᠨ᠂ ᠳ᠋ᠦᠩ ᠶᠤᠸᠠᠨ ᠵᠡᠷᠭᠡ ᠠᠵᠤ ᠠᠬᠤᠶᠢᠯᠠᠯ ᠤᠨ ᠰᠲ᠋ᠤᠺ ᠢ ᠵᠠᠬ᠎ᠠ ᠳᠡᠯᠬᠡᠬᠦᠷ ᠲᠤ ᠭᠠᠷᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷᠲᠡᠶ᠂ ᠦᠨᠡᠲᠡᠶ ᠪᠠᠶᠢᠬᠤ ᠠᠰᠠᠭᠤᠳᠠᠯ ᠢ ᠴᠢᠨᠠᠭᠰᠢᠳᠠ ᠰᠢᠢᠳᠪᠦᠷᠢᠯᠡᠨ᠎ᠡ᠃ ᠨᠡᠭᠦᠷᠡᠰᠦ ᠴᠠᠬᠢᠯᠭᠠᠨ ᠲᠤᠰᠤ ᠬᠡᠢ ᠵᠡᠷᠭᠡ ᠬᠠᠩᠭᠠᠯᠭ᠎ᠠ ᠶᠢ ᠪᠠᠲᠤᠯᠠᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠦᠢᠯᠡᠳᠪᠦᠷᠢᠯᠡᠯ ᠢᠶᠠᠨ ᠵᠤᠭᠰᠤᠭᠠᠨ ᠣᠶᠢᠯᠡᠳᠪᠦᠷᠢᠯᠠᠯ ᠤᠨ ᠬᠡᠮᠵᠢᠶ᠎ᠡ ᠪᠠᠨ ᠪᠠᠭᠠᠭᠰᠬᠠᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠠᠶᠢᠲᠤᠷ ᠠᠩᠬᠠᠷᠴᠤ᠂ ᠠᠵᠢᠯᠯᠠᠭᠠᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠠᠮᠤᠭ ᠤᠨ ᠶᠡᠭᠡ ᠪᠤᠯᠤᠮᠵᠢ  ᠎ ᠪᠠᠷ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠢᠲᠡᠭᠡᠯ ᠵᠣᠷᠢᠭ ᠢ ᠨᠢ ᠬᠥᠪᠴᠢᠯᠡᠵᠦ᠂ ᠬᠥᠭᠵᠢᠯᠲᠡ ᠶᠢ ᠨᠢ ᠲᠦᠷᠭᠡᠳᠬᠡᠨ᠎ᠡ᠃   ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃    ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠤᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠣᠷᠣᠭᠤᠯᠤᠯᠲᠠ ᠶᠢ ᠪᠠᠲᠤᠯᠠᠭ᠎ᠠ ᠲᠠᠢ ᠨᠡᠮᠡᠭᠳᠡᠬᠦᠯᠬᠦ ᠲᠣᠭᠲᠠᠴᠠ ᠪᠠ ᠨᠡᠶᠢᠭᠡᠮ ᠤᠨ ᠤᠯᠠᠨ ᠠᠷᠭ᠎ᠠ ᠵᠠᠮ ᠢᠶᠠᠷ ᠤᠷᠤᠭᠤᠯᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠤᠨ ᠲᠥᠰᠦᠪ ᠤᠨ ᠪᠦᠲᠦᠴᠡ ᠶᠢ ᠰᠢᠯᠢᠳᠡᠭᠵᠢᠬᠦᠯᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠎ ᠳᠤ ᠭᠤᠣᠯᠳᠠᠯᠭ᠎ᠠ ᠲᠠᠢ ᠪᠠᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠤᠭᠤᠯᠤᠯᠲᠠ ᠶᠢ ᠦᠷᠬᠦᠯᠵᠢᠯᠡᠨ ᠲᠤᠭᠳᠠᠭᠤᠨ ᠢᠶᠠᠷ ᠨᠡᠮᠡᠭᠳᠡᠬᠦᠯᠬᠦ ᠶᠢ ᠪᠠᠲᠤᠯᠠᠨ᠎ᠠ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠬᠦᠷᠦᠩᠭᠡ᠂ ᠠᠷᠠᠳ ᠤᠨ ᠬᠦᠷᠦᠩᠭᠡ ᠶᠢᠨ ᠰᠢᠨ᠎ᠡ ᠶᠢ ᠡᠭᠦᠳᠬᠦ ᠬᠦᠷᠢᠶ᠎ᠡ ᠴᠠᠷᠠᠭᠠᠨ ᠳᠤ ᠶᠡᠬᠡᠪᠡᠷ ᠣᠷᠣᠬᠤ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠤᠯᠠᠨ ᠡᠰᠢᠵᠢᠯ ᠢᠶᠠᠷ ᠪᠡᠯᠡ ᠤᠷᠤᠭᠤᠯᠵᠤ᠂ ᠦᠷᠬᠦᠯᠵᠢᠯᠡᠨ ᠨᠡᠮᠡᠭᠳᠡᠭᠰᠡᠨ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠡᠨᠡ ᠵᠢᠯ ᠬᠤᠳᠠ ᠶᠢᠨ ᠱᠠᠲᠤᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠢ 11 ᠳ᠋ᠦᠩᠰᠢᠭᠤᠷ ᠭᠠᠷᠤᠢ ᠲᠥᠭᠦᠷᠢᠭ ᠲᠣᠬᠢᠷᠠᠭᠤᠯᠵᠤ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢᠨ GDP᠎ ᠳᠤ ᠡᠵᠡᠯᠡᠬᠦ ᠬᠤᠪᠢ ᠶᠢᠨ ᠵᠢᠩ ᠢ 1.2%᠎ ᠠᠴᠠ ᠳᠡᠭᠡᠭᠰᠢ ᠬᠦᠷᠭᠡᠨ᠎ᠡ᠃    ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠎ᠠ᠃ ᠬᠥᠬᠡᠬᠤᠲᠠ ᠪᠤᠭᠤᠲᠤ ᠣᠷᠳᠣᠰ ᠎ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠷᠳᠣᠰ ᠤᠨ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ᠂ ᠴᠦᠯᠡᠷᠭᠡᠭᠵᠢᠯ ᠢ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠠᠪᠴᠠᠩ ᠢ ᠡᠬᠦᠳᠴᠦ᠂ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠬᠦᠷ᠂ ᠤᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠎ ᠢ ᠴᠢᠯᠦᠬᠡᠲᠠᠢ ᠨᠡᠭᠡᠭᠡᠵᠤ ᠬᠠᠮᠲᠤᠪᠠᠷ ᠡᠳ᠋ᠯᠡᠬᠦ ᠶᠢ ᠵᠣᠷᠢᠭᠵᠢᠭᠤᠯᠤᠨ᠎ᠠ᠃ ᠣᠨ ᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠴᠢᠳᠠᠪᠤᠷᠢᠲᠠᠨ ᠢ ᠤᠶᠠᠨ ᠬᠠᠲᠠᠨ ᠴᠢᠨᠠᠷᠲᠠᠶ ᠪᠠᠷ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠂ ᠪᠥᠬᠦ ᠠᠮᠢ ᠨᠠᠰᠤᠨ ᠤ ᠦᠶᠡᠯᠡᠯ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠤᠷᠢᠨ ᠠᠪᠴᠢᠷᠠᠵᠤ᠂ ᠰᠠᠶᠢᠲᠤᠷ ᠠᠵᠢᠯᠯᠠᠭᠤᠯᠵᠤ᠂ ᠦᠯᠡᠳᠡᠭᠡᠵᠦ ᠳᠡᠶᠢᠯᠬᠦ ᠶᠢ ᠦᠨᠡᠨᠬᠦ ᠪᠠᠲᠤᠯᠠᠨ᠎ᠠ᠃    ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 25 ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠯ᠎ᠡ ᠲᠥᠷᠥᠯ ᠤᠨ ᠴᠢᠬᠤᠯᠠ ᠲᠤᠮᠤ ᠲᠤᠰᠬᠠᠶ ᠲᠥᠷᠦᠯ ᠵᠦᠢᠯ ᠎ ᠢ ᠲᠠᠭᠠᠭᠠᠴᠢᠯᠠᠨ ᠡᠭᠦᠷᠭᠡᠯᠡᠵᠦ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠤᠨᠤᠭᠯᠠᠯ ᠦᠢᠯᠡᠳᠬᠦ᠂ ᠨᠣᠯᠤᠤᠷ ᠤᠨ ᠨᠡᠬᠡᠮᠡᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠎ ᠶᠢ ᠡᠭᠦᠳᠬᠦ ᠪᠠ ᠦᠷ᠎ᠡ ᠪᠦᠲᠦᠭᠡᠯ ᠢ ᠲᠡᠯᠬᠡᠷᠡᠬᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠴᠢᠨᠠᠷ ᠰᠠᠶᠢᠲᠠᠶ ᠪᠠᠷ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠬᠠᠮᠲᠤ ᠎ ᠶᠢᠨ ᠴᠣᠭᠴᠠ ᠶᠢ ᠪᠠᠶᠢᠭᠤᠯᠤᠨ᠎ᠠ᠃    ᠲᠥᠯᠥᠭᠡᠯᠡᠭᠴᠢᠳ ᠡ︕ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠭᠤᠣᠯᠯᠠᠭᠴᠢ ᠬᠥᠳᠡᠯᠭᠡᠬᠦ ᠬᠦᠴᠦᠨ ᠮᠥᠨ᠃ ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠎ ᠳᠠᠬᠢ ᠭᠤᠣᠯᠯᠠᠭᠴᠢ ᠪᠠᠶᠢᠷᠢ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠦᠭᠵᠢᠬᠦᠯᠦᠨ ᠮᠠᠨᠳᠤᠭᠤᠯᠬᠤ︾ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠦᠷ ᠤᠷᠭᠤᠭᠤᠯᠤᠶ᠎ᠠ︕    ︵ᠭᠤᠷᠪᠠ︶ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃    ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠡᠨᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠡᠨᠧᠷᠭᠢ ᠶᠢᠨ ᠰᠤᠷᠪᠤᠯᠵᠢ ᠎ ᠶᠢᠨ ᠠᠵᠤ ᠦᠢᠯᠡᠰ ᠤᠨ ᠬᠡᠯᠪᠡᠷᠢ ᠶᠢ ᠪᠣᠬᠢᠷᠲᠤᠯ ᠦᠭᠡᠢ ᠂ ᠲᠤᠭᠠᠵᠢᠭᠤᠯᠤᠨ᠂ ᠰᠢᠨ᠎ᠡ ᠶᠢ ᠡᠭᠦᠳᠦᠨ ᠬᠤᠪᠢᠷᠠᠭᠤᠯᠬᠤ ᠶᠢ ᠠᠬᠢᠭᠤᠯᠵᠤ᠂ ᠠᠷᠢᠭᠤᠨ ᠴᠡᠪᠡᠷ ᠲᠤᠤᠷ᠎ᠠ ᠨᠡᠬᠦᠷᠡᠰᠦᠳᠦ᠋ᠷᠦᠭᠴᠢᠲᠦ᠂ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ ᠲᠤᠭᠳᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ ᠨᠠᠷᠢᠨᠴᠠᠶᠢᠳᠠᠮ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠵᠢᠴᠢ ᠣᠷᠴᠢᠨ ᠲᠣᠭᠤᠷᠢᠨ ᠤ ᠨᠦᠯᠦᠬᠡᠨ ᠤ ᠦᠨᠡᠯᠡᠯᠲᠡ ᠶᠢ ᠵᠥᠪᠰᠢᠶᠡᠷᠡᠭᠦᠯᠬᠦ ᠪᠠᠷ ᠴᠢᠷᠮᠠᠶᠢᠵᠤ᠂ ᠵᠠᠳᠠᠭᠠᠢ ᠨᠡᠬᠦᠷᠡᠰᠦᠨ ᠠᠭᠤᠷᠬᠠᠢ ᠶᠢᠨ ᠲᠦᠷ ᠴᠠᠭ ᠤᠨ ᠭᠠᠵᠠᠷ ᠬᠡᠷᠡᠭᠯᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠬᠦ ᠶᠢ ᠲᠡᠮᠡᠴᠡᠨ ᠤᠯᠬᠤ ᠶᠢ ᠠᠬᠢᠭᠤᠯᠵᠤ᠂ ᠨᠡᠭᠦᠷᠡᠰᠦᠨ ᠠᠭᠤᠷᠬᠠᠶ ᠶᠢᠨ ᠪᠠᠷᠢᠯᠭ᠎ᠠ ᠲᠠᠭᠤᠰᠬᠤ ᠰᠢᠯᠭᠠᠨ ᠬᠤᠷᠢᠶᠠᠯᠲᠠ ᠶᠢᠨ ᠭᠠᠷᠳᠠᠮ ᠢ ᠬᠦᠢᠴᠡᠳᠬᠡᠬᠦ ᠪᠠ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠬᠤ ᠶᠢ ᠲᠦᠷᠭᠡᠳᠭᠡᠨ᠎ᠡ᠃ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠤᠲᠠᠰᠣ ᠱᠣᠭᠤᠮ ᠤᠨ ᠪᠥᠳᠥᠭᠡᠨ ᠪᠠᠶᠢᠭᠤᠯᠤᠯᠲᠠ ᠪᠣᠯᠤᠨ ᠠᠭᠤᠷᠬᠠᠶ ᠶᠢᠨ ᠠᠮᠠᠰᠠᠷ ᠎ ᠤᠨ ᠴᠠᠬᠢᠯᠭᠠᠨ ᠡᠭᠦᠰᠭᠡᠭᠴᠢ ᠶᠢᠨ ᠴᠡᠭ ᠢ ᠢᠵᠢ ᠪᠦᠷᠢᠳᠦᠬᠦᠯᠦᠨ ᠪᠥᠳᠥᠭᠡᠨ ᠪᠠᠶᠢᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠱᠠᠩᠬᠠᠶ ᠶᠢᠨ ᠰᠦᠮ᠎ᠡ ᠠᠴᠠ ᠱᠠᠨᠳᠦ᠋ᠩ ᠬᠥᠷᠬᠦ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠤᠲᠠᠰᠤ ᠱᠣᠭᠤᠮ ᠤᠨ ᠢᠵᠢ ᠪᠦᠷᠢᠳᠦᠬᠦᠯᠦᠭᠰᠡᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠵᠤ᠂ ᠬᠤᠢ ᠨᠧᠩ ᠤᠨ ᠴᠠᠩ ᠲᠠᠨ ᠬᠢᠭᠡᠳ ᠵᠦᠵᠢᠶᠠᠩ ᠮᠥᠷᠡᠨ ᠤ ᠵᠦ ᠵᠢᠶᠠ ᠫᠢᠩ ᠤᠨ ᠴᠠᠬᠢᠯᠭᠠᠨ ᠤ ᠦᠢᠯᠡᠳᠪᠦᠷᠢ ᠶᠢ ᠪᠠᠶᠢᠭᠤᠯᠤᠨ ᠪᠦᠲᠦᠬᠡᠨ᠎ᠡ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶᠡᠵᠢᠯ ᠢ ᠤᠷᠲᠤᠳᠬᠠᠬᠤ ᠨᠥᠬᠦᠪᠥᠷᠢᠯᠡᠬᠦ ᠴᠢᠩᠭᠠᠳᠬᠠᠬᠤ ᠠᠵᠢᠯ ᠢ ᠭᠦᠨᠵᠡᠭᠡᠶᠢᠷᠡᠭᠦᠯᠵᠦ᠂ ᠪᠦᠦ ᠹᠧᠩ ᠤᠨ ᠨᠡᠭᠦᠷᠡᠰᠦ ᠪᠠᠷ ᠠᠯᠺᠸᠠ ᠦᠢᠯᠡᠳᠬᠦ ᠵᠡᠷᠭᠡ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠷᠦᠩ ᠰᠢᠨ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠬᠤᠶᠠᠷ ᠮᠧᠲ᠋ᠢᠯᠲᠦ ᠡᠲ᠋ᠧᠷ ᠦᠢᠯᠡᠳᠬᠦ᠂ ᠮᠦᠸᠧ ᠷᠦᠢ ᠎ ᠶᠢᠨ ᠳᠡᠭᠡᠳᠦ ᠲᠠᠰ ᠤᠨ ᠬᠢᠮᠢ ᠶᠢᠨ ᠪᠦᠲᠦᠭᠡᠭᠳᠡᠬᠦᠨ ᠵᠡᠷᠭᠡ ᠲᠥᠷᠥᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠨᠡᠭᠦᠷᠡᠰᠤ ᠴᠠᠬᠢᠯᠭᠠᠨ ᠲᠤᠰᠤ ᠬᠡᠢ ᠰᠠᠯᠬᠢᠨ ᠭᠡᠷᠡᠯ ᠤᠰᠤᠲᠥ᠋ᠷᠥᠭᠴᠢ ᠶᠢ ᠨᠦᠬᠡᠴᠡᠯᠡᠵᠣ ᠣᠯᠠᠨ ᠡᠨᠧᠷᠭᠢ ᠶᠢ ᠵᠣᠬᠢᠴᠠᠯᠳᠤᠭᠤᠯᠤᠨ ᠬᠦᠭᠵᠢᠬᠦᠯᠵᠤ᠂ ᠶᠡᠷᠦᠩᠬᠡᠶᠢᠯᠡᠨ ᠠᠰᠢᠭᠯᠠᠬᠤ ᠶᠢ ᠪᠠᠷᠢᠮᠲᠠᠯᠠᠵᠤ᠂ ᠮᠢᠩᠭᠠᠨ ᠲᠦᠮᠡᠨ ᠺᠢᠯᠣᠸᠠᠲ ᠤᠨ ᠲᠠᠰ ᠎ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠪᠠ ᠰᠠᠯᠬᠢᠨ ᠭᠡᠷᠡᠯ ᠤᠰᠤᠲᠥ᠋ᠷᠥᠭᠴᠢ ᠶᠢ ᠨᠦᠬᠡᠴᠡᠯᠡᠬᠦ ᠡᠨᠧᠷᠬᠢ ᠶᠢᠨ ᠠᠵᠤ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃    ᠰᠢᠨ᠎ᠡ ᠠᠵᠤ ᠦᠢᠯᠡᠰ ᠰᠢᠨ᠎ᠡ ᠬᠥᠳᠡᠯᠭᠡᠭᠴᠢ ᠡᠨᠧᠷᠭᠢ ᠶᠢ ᠶᠡᠬᠡᠪᠡᠷ ᠪᠤᠶᠢᠵᠢᠭᠤᠯᠤᠨ᠎ᠠ᠃ 5G᠎ ᠶᠢᠨ ᠮᠡᠳᠡᠭᠡ ᠬᠤᠯᠪᠣᠭᠠᠨ ᠤ ᠬᠡᠷᠡᠭᠯᠡᠭᠡ ᠪᠠ ᠲᠣᠮᠣ ᠳ᠋ᠠᠶᠢᠲ᠋ᠠ᠂ ᠣᠷᠣᠨ ᠬᠡᠰᠡᠭ ᠤᠨ ᠬᠡᠯᠬᠢᠶ᠎ᠡ᠂ ᠵᠤᠬᠢᠶᠠᠮᠠᠯ ᠤᠶᠤᠨ ᠵᠡᠷᠭᠡ ᠠᠵᠤ ᠦᠢᠯᠡᠰ ᠢ ᠢᠳᠡᠪᠬᠢᠲᠡᠶ ᠪᠠᠶᠢᠷᠢᠯᠠᠭᠤᠯᠤᠨ᠎ᠠ᠃ ᠡᠭᠦᠯᠡᠨ ᠪᠤᠳᠤᠯᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠳᠣᠬᠢᠭᠤᠷ ᠲᠤᠯᠤᠭ᠎ᠠ ᠤᠶᠤᠨᠲᠤ ᠢᠨᠵᠧᠨᠧᠷᠢᠩ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠴᠠᠩ ᠴᠧᠩ ᠮᠡᠳᠡᠭᠡ ᠵᠠᠩᠭᠢ ᠶᠢᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠰᠠᠭᠤᠷᠢᠨ ᠭᠠᠵᠠᠷ ᠂ ᠲᠧᠩ ᠰᠢᠶᠦ᠋ᠨ ᠲᠤᠭᠠᠵᠢᠭᠤᠯᠤᠭᠰᠠᠨ ᠠᠵᠤ ᠠᠬᠤᠶ ᠶᠢᠨ ᠠᠵᠤ ᠦᠢᠯᠡᠰ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠤᠯᠤᠰ ᠤᠨ ᠭᠠᠢ ᠭᠠᠮᠰᠢᠭ ᠢ ᠰᠡᠷᠬᠡᠶᠢᠯᠡᠬᠦ ᠳᠤ ᠪᠡᠯᠡᠳᠭᠡᠭᠰᠡᠨ ᠳ᠋ᠠᠶᠢᠲ᠋ᠠ ᠶᠢᠨ ᠰᠠᠭᠤᠷᠢᠨ ᠭᠠᠵᠠᠷ ᠪᠠ ᠪᠠᠷᠠᠭᠤᠨ ᠬᠤᠶᠢᠲᠤ ᠶᠢᠨ ᠲᠣᠮᠣ ᠳ᠋ᠠᠶᠢᠲ᠋ᠠ ᠶᠢᠨ ᠲᠥᠪ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠰᠢᠨ᠎ᠡ ᠮᠠᠶ᠋ᠢᠭ ᠤᠨ ᠨᠡᠬᠦᠷᠡᠰᠦᠳᠦ᠋ᠷᠦᠭᠴᠢᠲᠦ ᠮᠠᠲ᠋ᠧᠷᠢᠶᠠᠯ᠂ ᠭᠡᠷᠡᠯ ᠴᠠᠬᠢᠯᠭᠠᠨ ᠤ ᠮᠠᠲ᠋ᠧᠷᠢᠶᠠᠯ᠂ ᠨᠦᠬᠡᠴᠡ ᠡᠨᠧᠷᠭᠢ ᠶᠢᠨ ᠮᠠᠲ᠋ᠧᠷᠢᠶᠠᠯ᠂ ᠳᠡᠭᠡᠳᠦ ᠲᠡᠰ ᠤᠨ ᠬᠦᠡᠭᠭᠡᠨ ᠴᠠᠭᠠᠨ ᠤ ᠬᠠᠶᠢᠯᠤᠰᠢ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠠᠶᠢᠷᠢᠯᠠᠭᠤᠯᠤᠨ ᠬᠥᠭᠵᠢᠭᠦᠯᠵᠦ᠂ ᠯᠢᠲ᠋ᠢ ᠴᠡᠨᠡᠭ᠂ ᠪᠠᠯ ᠴᠢᠯᠠᠭᠤᠨ ᠴᠠᠬᠢᠯᠭᠠᠨ ᠲᠦᠢᠯ ᠢ ᠠᠵᠤ ᠦᠢᠯᠡᠰᠵᠢᠬᠦᠯᠦᠨ ᠬᠡᠷᠡᠭᠯᠡᠬᠦ ᠶᠢ ᠲᠦᠷᠭᠡᠳᠭᠡᠵᠤ᠂ ᠠᠯᠤᠰ ᠬᠡᠲᠦ ᠶᠢᠨ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠲᠣᠨᠣᠭᠯᠠᠯ ᠎ ᠤᠨ ᠠᠵᠤ ᠦᠢᠯᠡᠰ ᠤᠨ ᠬᠦᠷᠢᠶᠡᠯᠡᠩ ᠢ ᠪᠦᠲᠦᠬᠡᠨ ᠪᠠᠶᠢᠭᠤᠯᠤᠨ᠎ᠠ᠃ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ᠂ ᠲᠢᠶᠠᠨ ᠵᠢᠶᠤᠤ ᠠᠭᠠᠷ ᠤᠨ ᠠᠶᠠᠯᠠᠯ ᠎ ᠤᠨ ᠠᠵᠤ ᠦᠢᠯᠡᠰ ᠤᠨ ᠲᠦᠷᠦᠯ ᠵᠦᠢᠯ ᠢ ᠲᠦᠷᠭᠡᠳᠭᠡᠨ ᠠᠬᠢᠭᠤᠯᠤᠨ᠎ᠠ᠃ 5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠦᠵᠦᠬᠦᠷ ᠲᠡᠰᠴᠢᠯᠡᠬᠦ᠂ ᠤᠶᠤᠨᠴᠢᠯᠠᠬᠤ ᠪᠠ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ ᠲᠠᠰ ᠳᠡᠪᠰᠢᠭᠦᠯᠬᠦ ᠶᠢ ᠠᠬᠢᠭᠤᠯᠤᠨ᠎ᠠ᠃    ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠤᠮᠵᠢ ᠶᠢ ᠲᠡᠭᠦᠯᠳᠡᠷᠵᠢᠭᠦᠯᠵᠦ᠂ ᠨᠢᠭᠡ ᠪᠦᠯᠦᠭ ᠬᠥᠮᠥᠷᠭᠡᠯᠡᠨ ᠬᠠᠳᠠᠭᠠᠯᠠᠬᠤ ᠦᠢᠯᠡᠴᠢᠯᠡᠬᠡᠨ ᠤ ᠲᠥᠪ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ᠂ ᠣᠯᠠᠨ ᠨᠡᠶᠢᠲᠡ ᠶᠢᠨ ᠬᠤᠭᠤᠯᠠᠶ ᠬᠤᠩᠭᠢᠯ ᠪᠠ ᠬᠡᠶᠢᠵᠢᠭᠰᠡᠨ ᠠᠷᠠᠯ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠭᠤᠤᠯᠯᠠᠬᠤ ᠠᠵᠤ ᠦᠢᠯᠡᠰ ᠢ ᠪᠤᠶᠢᠵᠢᠭᠤᠯᠤᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠬᠦᠨ ᠤ ᠳᠣᠲᠣᠷ᠎ᠠ ᠠᠴᠠ ᠵᠣᠬᠢᠬᠤ ᠪᠠᠯᠠ ᠮᠥᠩᠭᠦ ᠳᠣᠭᠢᠷᠠᠭᠤᠯᠤᠨ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠦᠷᠢᠶᠡᠯᠡᠩ ᠲᠣᠭᠤᠷᠢᠭ ᠨᠢᠭᠡᠪᠦᠷᠢ ᠳᠤ 1᠎ ᠠᠴᠠ 2 ᠭᠤᠤᠯᠯᠠᠬᠤ ᠠᠵᠤ ᠦᠢᠯᠡᠰ ᠢ ᠭᠤᠤᠯᠳᠠᠯᠭ᠎ᠠ ᠲᠠᠢ ᠪᠣᠶ ᠪᠣᠯᠭᠠᠵᠤ᠂ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ 70%᠎ ᠠᠴᠠ ᠳᠡᠭᠡᠭᠰᠢ ᠳᠤ ᠬᠦᠷᠭᠡᠨ᠎ᠡ᠃ ᠬᠦᠷᠢᠶᠡᠯᠡᠩ ᠲᠣᠭᠤᠷᠢᠭ ᠤᠨ ᠨᠡᠭᠡᠭᠡᠨ ᠬᠥᠭᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠤᠨ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠪᠠ ᠲᠤᠰᠬᠠᠶᠢᠵᠢᠭᠰᠠᠨ ᠬᠦᠷᠢᠶᠡᠯᠡᠩ ᠲᠣᠭᠤᠷᠢᠭ ᠤᠨ ᠡᠷᠬᠢᠯᠲᠡ ᠡᠵᠡᠩᠨᠡᠯᠲᠡ ᠶᠢᠨ ᠬᠤᠳᠠᠯᠳᠤᠭᠠᠴᠢᠨ ᠢ ᠣᠷᠣᠭᠤᠯᠤᠨ ᠠᠪᠴᠢᠷᠠᠵᠤ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠬᠥᠭᠵᠢᠭᠰᠡᠨ ᠭᠠᠵᠠᠷ ᠣᠷᠣᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠠᠮᠲᠤᠷᠠᠯᠴᠠᠨ ᠬᠦᠷᠢᠶᠡᠯᠡᠩ ᠲᠤᠳᠤᠷᠠᠬᠢ ᠬᠦᠷᠢᠶᠡᠯᠡᠩ᠂ ᠤᠷᠤᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠬᠦᠷᠢᠶᠡᠯᠡᠩ ᠢ ᠪᠠᠶᠢᠭᠤᠯᠬᠤ ᠶᠢ ᠵᠣᠷᠢᠭᠵᠢᠭᠤᠯᠤᠨ᠎ᠠ᠃    ︵ᠳᠥᠷᠪᠡ︶ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃    ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠴᠢ ᠫᠠᠨ ᠵᠢᠩ ᠮᠧᠩ ᠰᠢ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠳᠤ ᠳᠣᠣᠷ᠎ᠠ ᠪᠠᠷᠢᠮᠵᠢᠶ᠎ᠠ ᠪᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠨᠳᠦ ︵ᠠᠭᠤᠷᠬᠠᠶ︶ ᠠᠴᠢᠶᠠᠨ ᠤ ᠮᠠᠰᠢᠨ + ᠪᠦᠰᠡ ᠵᠡᠷᠭᠡ ᠠᠷᠢᠭᠤᠨ ᠴᠡᠪᠡᠷ ᠲᠡᠭᠡᠭᠡᠪᠦᠷᠢ ᠶᠢᠨ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠪᠠ ᠰᠢᠯᠵᠢᠮᠡᠯ ᠡᠬᠢ ᠢᠷᠡᠯᠲᠡ ᠶᠢᠨ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠲᠤᠨ ᠭᠤᠤᠯ ᠤᠨ ᠤᠷᠤᠰᠬᠠᠯ ᠭᠤᠤᠯ ᠢ ᠲᠤᠷ᠎ᠠ ᠪᠠᠷ ᠡᠵᠡᠯᠡᠵᠤ ᠲᠤᠷ᠎ᠠ ᠪᠠᠷ ᠪᠠᠶᠢᠭᠤᠯᠬᠤ ᠶᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠠᠲᠤᠨ ᠭᠤᠤᠯ ᠤᠨ ᠰᠠᠯᠪᠤᠷᠢ ᠤᠷᠤᠰᠬᠠᠯ ᠢ ᠶᠡᠷᠦᠩᠬᠡᠶᠢᠯᠡᠨ ᠵᠠᠰᠠᠬᠤ ᠪᠠᠷᠢᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠡᠮᠡᠭᠡ ᠬᠠᠲᠠᠨ ᠴᠠᠭᠠᠨ ᠨᠠᠭᠤᠷ᠂ ᠰᠢᠷᠬᠤᠰᠣᠨ ᠭᠤᠤᠯ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠭᠡᠵᠤ᠂ ᠤᠶᠤᠨᠲᠤ ᠭᠤᠤᠯ ᠨᠠᠭᠤᠷ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠭᠤᠷᠬᠠᠶ ᠶᠢᠨ ᠬᠤᠳᠳᠤᠭ ᠤᠨ ᠨᠡᠬᠦᠷᠡᠰᠦᠨ ᠲᠠᠪᠬᠤᠷᠭ᠎ᠠ ᠶᠢᠨ ᠤᠰᠤ᠂ ᠲᠠᠬᠢᠯᠳᠠ ᠤᠰᠤ ᠶᠢ ᠣᠷᠣᠨ ᠪᠦᠰᠡ ᠠᠯᠤᠰᠯᠠᠨ ᠲᠡᠩᠴᠡᠭᠦᠷᠢᠲᠡᠶ ᠠᠰᠢᠭᠯᠠᠬᠤ ᠪᠠᠷᠢᠯᠭ᠎ᠠ ᠎ ᠶᠢ ᠬᠡᠷᠡᠭᠵᠢᠭᠦᠯᠵᠦ᠂ ᠲᠠᠬᠢᠯᠳᠠ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 55%᠎ ᠠᠴᠠ ᠳᠡᠭᠡᠭᠰᠢ ᠳᠤ ᠬᠦᠷᠭᠡᠵᠤ᠂ ᠵᠢᠷᠤᠮᠵᠢᠭᠤᠯᠤᠨ ᠬᠠᠳᠠᠭᠠᠯᠠᠬᠤ ᠪᠠ ᠰᠢᠢᠳᠪᠦᠷᠢᠯᠡᠬᠦ ᠨᠣᠷᠮ᠎ᠠ ᠶᠢ 100%᠎ ᠳᠤ ᠬᠦᠷᠭᠡᠨ᠎ᠡ᠃   ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠎ ᠶᠢ ᠨᠣᠭᠤᠭᠠᠷᠠᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠡᠭᠡᠵᠢᠩ ᠲᠢᠶᠠᠨᠵᠢᠨ ᠤ ᠡᠯᠡᠰᠤ ᠰᠢᠭᠤᠷᠭᠠᠨ ᠤ ᠡᠬᠢ ᠢᠷᠡᠯᠲᠡ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ ᠂ ᠬᠠᠲᠤᠨ ᠭᠤᠣᠯ ᠤᠨ ᠰᠠᠯᠪᠤᠷᠢ ᠤᠷᠤᠰᠬᠠᠯ ᠤᠨ ᠴᠢᠴᠠᠷᠭᠠᠨ᠎ᠠ ᠶᠢᠨ ᠠᠮᠢ ᠠᠬᠤᠶ ᠶᠢᠨ ᠡᠯᠡᠰᠦ ᠰᠢᠷᠤᠢ ᠶᠢ ᠪᠠᠭᠠᠰᠬᠠᠬᠤ ᠵᠡᠷᠭᠡ ᠠᠮᠢ ᠠᠬᠤᠶ ᠶᠢᠨ ᠭᠤᠣᠯᠳᠠᠯᠭ᠎ᠠ ᠎ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠠᠬᠢᠭᠤᠯᠵᠤ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠰᠢᠩᠭᠡᠭᠡᠨ ᠠᠪᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠢ ᠮᠤᠳᠣ᠂ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠤᠲᠤᠭ ᠪᠡᠯᠴᠢᠬᠡᠷ ᠤᠶᠢᠲᠤ ᠭᠠᠵᠠᠷ ᠢ ᠡᠪᠳᠡᠭᠰᠡᠨ ᠬᠠᠤᠯᠢ ᠲᠥᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠦᠨ᠎ᠡ︔ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠶᠢ ᠠᠬᠢᠭᠤᠯᠵᠤ᠂ ᠪᠣᠬᠢᠷᠲᠤᠯ ᠦᠭᠡᠢ ᠠᠭᠤᠷᠬᠠᠶ ᠶᠢ ᠰᠢᠨ᠎ᠡ ᠪᠠᠷ 50 ᠪᠠᠶᠢᠭᠤᠯᠤᠨ᠎ᠠ᠃ ᠬᠤᠳᠳᠤᠭ ᠤᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠨᠡᠭᠦᠷᠡᠰᠦᠨ ᠴᠢᠯᠠᠭᠤ ᠶᠢ ᠡᠭᠡᠭᠦᠯᠦᠨ ᠪᠥᠭᠯᠡᠬᠦ ᠠᠵᠢᠯ ᠢ ᠰᠠᠶᠢᠲᠤᠷ ᠬᠢᠵᠦ᠂ ᠨᠡᠭᠦᠷᠡᠰᠦᠨ ᠳᠠᠪᠬᠤᠷᠭ᠎ᠠ ᠪᠠ ᠨᠡᠭᠦᠷᠡᠰᠦᠨ ᠴᠢᠯᠠᠭᠤ ᠶᠢᠨ ᠠᠶᠠᠨᠳᠠᠭᠠᠨ ᠰᠢᠲᠠᠬᠤ ᠶᠢ ᠵᠠᠰᠠᠬᠤ ᠠᠵᠢᠯ ᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ᠂ ᠡᠵᠡᠨ ᠦᠭᠡᠢ ᠠᠭᠤᠷᠬᠠᠶ ᠶᠢᠨ ᠭᠠᠵᠠᠷ ᠰᠢᠨᠵᠢᠯᠡᠬᠡᠨ ᠤ ᠣᠷᠴᠢᠨ ᠲᠤᠭᠤᠷᠢᠨ ᠢ ᠰᠡᠷᠭᠦᠭᠡᠨ ᠵᠠᠰᠠᠬᠤ ᠶᠢ ᠠᠬᠢᠭᠤᠯᠤᠨ᠎ᠠ᠃   ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠷᠴᠢᠮ ᠢ ᠴᠢᠩᠭ᠎ᠠ ᠬᠢᠵᠠᠭᠠᠷᠯᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠢᠨ ᠬᠤᠷᠤᠭᠳᠠᠯ ᠶᠡᠬᠡᠲᠠᠢ ᠲᠦᠷᠦᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠨᠢᠭᠡᠴᠡ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠵᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠦᠯ ᠢ ᠬᠤᠭᠤᠴᠠᠭ᠎ᠠ ᠬᠢᠵᠠᠭᠠᠷᠯᠠᠨ ᠤᠯᠤᠰ ᠤᠨ ᠡᠨᠧᠷᠭᠢ ᠶᠢᠨ ᠬᠤᠷᠣᠭᠳᠠᠯ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠨ᠎ᠡ᠃ ᠡᠨᠧᠷᠭᠢ ᠶᠢᠨ ᠬᠤᠷᠤᠭᠳᠠᠯ ᠶᠡᠬᠡᠲᠠᠢ ᠠᠵᠢᠯ ᠲᠦᠷᠦᠯ ᠤᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠡᠷᠬᠡ ᠵᠡᠷᠭᠡ ᠶᠢᠨ ᠠᠷᠠᠯᠵᠢᠶᠠᠨ ᠤ ᠥᠭᠡᠷᠡᠴᠢᠯᠡᠯᠲᠡ ᠶᠢ ᠠᠬᠢᠭᠤᠯᠤᠨ᠎ᠠ᠃   ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃    ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠬᠦᠯᠦᠨ᠎ᠡ᠃ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠣᠭᠴᠠ ᠶᠢ ᠲᠦᠷᠬᠡᠨ ᠢᠶᠠᠷ ᠪᠤᠶᠢᠵᠢᠭᠤᠯᠵᠤ᠂ ᠣᠯᠠᠨ ᠵᠦᠢᠯ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠠᠬᠢᠭᠤᠯᠵᠤ᠂ ᠡᠷᠡᠬᠦᠯ ᠴᠢᠳᠠᠪᠬᠢᠲᠦ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠵᠤ᠂ ᠲᠠᠷᠢᠶᠠᠯᠠᠩ ᠮᠠᠯ ᠠᠵᠤ ᠠᠬᠤᠶ ᠶᠢᠨ ᠵᠣᠬᠢᠶᠠᠨ ᠪᠠᠶᠢᠭᠤᠯᠴᠢᠯᠠᠭᠰᠠᠨ᠂ ᠰᠠᠶᠢᠨ ᠡᠬᠦᠯᠳᠡᠷᠵᠢᠭᠰᠡᠨ᠂ ᠨᠠᠷᠠᠲᠤ ᠲᠡᠮᠲᠡᠭᠴᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠤᠭᠠᠵᠢᠭᠤᠯᠤᠭᠰᠠᠨ ᠲᠠᠷᠢᠶᠠᠯᠠᠩ᠂ ᠤᠶᠤᠨᠲᠤ ᠮᠠᠯᠵᠢᠯ ᠤᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠬᠡᠨ ᠪᠠᠶᠢᠭᠤᠯᠤᠯᠲᠠ ᠶᠢ ᠡᠬᠢᠯᠡᠭᠦᠯᠵᠦ᠂ 32.8 ᠲᠦᠮᠡᠨ ᠮᠥ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠬᠦᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠦᠷᠢᠶᠡᠯᠡᠩ ᠲᠤᠭᠤᠷᠢᠭ ᠢ 4 ᠪᠠᠶᠢᠭᠤᠯᠤᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠎ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠶᠢ ᠠᠷᠪᠢᠯᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠣᠷᠳᠣᠰ ᠠᠴᠠ ᠭᠠᠷᠭᠠᠵᠤ᠂ ᠰᠠᠶᠢᠨ ᠦᠨ᠎ᠡ ᠳᠤ ᠬᠦᠷᠭᠡᠨ᠎ᠡ᠃   ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠬᠡᠳᠬᠡᠬᠦ︾ ᠬᠡᠷᠡᠭᠯᠡᠭᠡᠨ ᠤ ᠴᠢᠨᠠᠷᠲᠠᠶ ᠭᠠᠴᠠᠭ᠎ᠠ ᠲᠣᠰᠬᠤᠨ ᠢ ᠲᠥᠯᠦᠪᠵᠢᠬᠦᠯᠬᠦ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠵᠦ᠂ ᠪᠥᠬᠦ ᠬᠤᠲᠠ ᠶᠢᠨ ᠭᠠᠴᠠᠭ᠎ᠠ ᠲᠣᠰᠬᠤᠨ ᠤ ᠲᠥᠯᠥᠪᠵᠢᠭᠦᠯᠭᠡ ᠎ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠳᠦᠰᠦᠨ ᠳᠡᠭᠡᠨ ᠪᠡᠶᠡᠯᠡᠬᠦᠯᠦᠨ᠎ᠡ᠃ ︽ᠵᠣᠷᠯᠣᠩ ᠤᠨ ᠬᠤᠪᠢᠰᠬᠠᠯ︾᠎ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠬᠤᠲᠠ ᠶᠢᠨ ᠪᠡᠯᠡ ᠤᠷᠤᠭᠤᠯᠤᠯᠲᠠ᠂ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠠᠴᠠ ᠭᠤᠤᠯᠯᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ᠂ ᠪᠣᠬᠢᠷ ᠤᠰᠤ ᠶᠢ ᠵᠠᠰᠠᠬᠤ ᠪᠥᠲᠥᠭᠡᠨ ᠪᠠᠶᠢᠭᠤᠯᠤᠯᠳᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠲᠡᠬᠦᠯᠳᠡᠷᠵᠢᠬᠦᠯᠵᠤ᠂ ᠣᠷᠣᠰᠢᠨ  ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠲᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠤᠰᠤ᠂ ᠴᠠᠬᠢᠯᠭᠠᠨ᠂ ᠵᠠᠮ᠂ ᠬᠡᠶ᠂ ᠪᠠᠷᠠᠭᠠᠨ ᠤ ᠬᠦᠢᠯᠬᠡᠬᠡ ᠵᠡᠷᠭᠡ ᠎ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠬᠡᠨ ᠤ ᠲᠥᠪ᠂ ᠪᠠᠷᠢᠮᠵᠢᠶᠠᠵᠢᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠣᠯᠠᠨ ᠨᠡᠶᠢᠲᠡ ᠶᠢᠨ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ᠠᠰᠠᠭᠤᠳᠠᠯ ᠎ ᠢ ᠬᠦᠴᠦᠯᠡᠨ ᠰᠢᠢᠳᠪᠦᠷᠢᠯᠡᠨ᠎ᠡ᠃   ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠬᠠᠶᠠᠬᠤ ᠦᠬᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠲᠣ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠪᠠᠯᠠ ᠮᠥᠩᠬᠦᠨ ᠤ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠬᠦᠯᠳᠡᠷᠵᠢᠬᠦᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠬᠤᠪᠢᠷᠠᠯᠲᠠ ᠪᠣᠯᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠎ ᠶᠢ ᠪᠠᠬᠢᠵᠢᠭᠦᠯᠦᠭᠰᠡᠨ ᠪᠠᠶᠢᠳᠠᠯ ᠢ ᠦᠷᠭᠦᠯᠵᠢᠯᠡᠨ ᠮᠥᠷᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ ᠪᠠᠶᠢᠳᠠᠯ ᠢ ᠬᠥᠳᠡᠯᠦᠩᠭᠦᠢ ᠪᠠᠷ ᠡᠵᠡᠮᠳᠡᠨ ᠲᠠᠬᠢᠨ ᠶᠠᠳᠠᠭᠤᠷᠠᠬᠤ ᠪᠠᠶᠢᠳᠠᠯ ᠢᠯᠡᠷᠡᠬᠦ ᠶᠢ ᠰᠡᠷᠬᠡᠶᠢᠯᠡᠨ᠎ᠡ᠃ ᠣᠨᠳᠣᠣ ᠭᠠᠵᠠᠷ ᠨᠡᠭᠦᠯᠭᠡᠭᠰᠡᠨ ᠤ ᠲᠠᠷᠠᠭ᠎ᠠ ᠦᠷᠭᠦᠯᠵᠢᠯᠠᠨ ᠬᠠᠪᠰᠤᠷᠤᠨ ᠲᠡᠮᠵᠢᠬᠦ ᠶᠢ ᠴᠢᠩᠭᠠᠳᠬᠠᠵᠤ᠂ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠪᠰᠤᠷᠤᠨ ᠲᠡᠳᠬᠦᠬᠦ ᠠᠵᠤ ᠦᠢᠯᠡᠰ ᠢ ᠬᠥᠭᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠲᠤᠭᠳᠠᠪᠤᠷᠢᠵᠢᠭᠤᠯᠬᠤ᠂ ᠬᠢᠬᠦ ᠠᠵᠢᠯ ᠲᠠᠢ ᠪᠠᠶᠢᠬᠤ ᠪᠠ ᠪᠠᠶᠠᠵᠢᠨ ᠴᠢᠨᠡᠭᠡᠯᠢᠭᠵᠢᠵᠤ ᠳᠡᠶᠢᠯᠬᠦ ᠶᠢ ᠦᠨᠡᠨ ᠬᠦ ᠪᠠᠲᠤᠯᠠᠨ᠎ᠠ᠃    ᠲᠥᠯᠥᠭᠡᠯᠡᠭᠴᠢᠳ ᠡ︕ ᠶᠠᠳᠠᠭᠤ ᠠᠴᠠ ᠠᠩᠬᠢᠵᠢᠷᠠᠭᠤᠯᠵᠤ ᠶᠠᠳᠠᠭᠤ ᠮᠠᠯᠠᠭᠠᠢ ᠪᠠᠨ ᠲᠠᠶᠠᠭᠳᠠᠬᠤ ᠨᠢ ᠲᠡᠭᠦᠰᠭᠡᠯ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯᠳᠡ ᠶᠢᠨ ᠡᠬᠢᠯᠡᠯᠲᠡ ᠪᠣᠯᠤᠨ᠎ᠠ᠃ ᠪᠢᠳᠠ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠎ ᠪᠠᠷ ᠠᠪᠤᠴᠠᠯᠳᠣᠭᠤᠯᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠎ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠶᠢᠬᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠪᠠ ᠠᠳᠠᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠪᠠᠶᠢᠬᠤ᠂ ᠮᠠᠯᠴᠢᠨ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠲᠦᠷᠭᠡᠨ ᠢᠶᠠᠷ ᠪᠡᠶᠡᠯᠡᠭᠦᠯᠦᠶ᠎ᠡ︕    ︵ᠵᠢᠷᠭᠤᠭ᠎ᠠ︶ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠎ᠡ᠃   ᠪᠦᠬᠦ ᠤᠷᠤᠨ ᠪᠦᠰᠡ ᠶᠢᠨ ᠰᠣᠶᠣᠯ ᠵᠢᠭᠤᠯᠴᠢᠯᠠᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃ ︽ᠲᠦᠷᠪᠡᠨ ᠪᠦᠰᠡ ᠨᠢᠭᠡ ᠣᠷᠣᠨ︾᠎ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ A ᠲᠠᠰ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠲᠥᠪ ᠢ ᠪᠠᠶᠢᠭᠤᠯᠵᠤ᠂ ᠵᠢᠭᠤᠯᠴᠢᠯᠠᠯ ᠤᠨ ᠵᠠᠮ ᠬᠠᠷᠢᠯᠴᠠᠭ᠎ᠠ ᠵᠢᠴᠢ ᠢᠵᠢ ᠪᠥᠷᠢᠳᠦᠭᠦᠯᠬᠦ ᠲᠥᠬᠦᠬᠡᠷᠦᠮᠵᠢ ᠶᠢ ᠲᠡᠭᠦᠯᠳᠡᠷᠵᠢᠭᠦᠯᠦᠨ᠎ᠡ᠃ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠠᠷᠵᠠᠶ ᠶᠢᠨ ᠴᠢᠯᠠᠭᠤᠨ ᠠᠭᠤᠶ ᠶᠢᠨ ᠬᠠᠮᠠᠭᠠᠯᠠᠯᠲᠠ᠂ ᠰᠢᠷᠬᠤᠰᠤᠨ ᠭᠤᠤᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠲᠡᠯᠡᠶ ᠶᠢᠨ ᠠᠮᠢᠲᠠᠨ ᠤ ᠣᠷᠳᠣᠨ ᠤ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠭᠤᠳᠤ ᠨᠠᠭᠤᠷ ᠤᠨ ᠤᠯᠤᠰ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠨᠥᠬᠦᠴᠡᠯ ᠲᠠᠢ ᠬᠤᠰᠢᠭᠤ ᠲᠤᠭᠤᠷᠢᠭ ᠥᠪᠡᠷᠲᠡᠭᠡᠨ ᠵᠠᠰᠠᠬᠤ ᠣᠷᠣᠨ ᠎ ᠤ ᠲᠠᠰ ᠪᠠ ᠤᠯᠤᠰ ᠤᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠶᠤᠨᠲᠤ ᠵᠢᠭᠤᠯᠴᠢᠯᠠᠯ ᠤᠨ ᠬᠤᠲᠠ ᠪᠠ ᠤᠶᠤᠨᠲᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠭᠠᠷ ᠤᠲᠠᠰᠤ ᠪᠠᠷ ᠣᠷᠳᠣᠰ ᠢ ᠲᠤᠭᠤᠷᠢᠨ ᠵᠤᠭᠠᠴᠠᠬᠤ︾᠎ ᠶᠢ ᠪᠡᠶᠡᠯᠡᠭᠦᠯᠦᠨ᠎ᠡ᠃    ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠬᠠᠲᠤᠨ ᠭᠤᠤᠯ ᠤᠨ ᠰᠣᠶᠣᠯ ᠤᠨ ᠥᠪ ᠢ ᠰᠢᠰᠲ᠋ᠧᠮ ᠲᠠᠢ ᠪᠠᠷ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠢ ᠥᠭᠡᠷᠡᠴᠢᠯᠡᠨ ᠲᠡᠪᠰᠢᠬᠦᠯᠬᠦ ᠶᠢ ᠪᠡᠶᠡᠯᠡᠭᠦᠯᠵᠦ᠂ ᠤᠯᠤᠰ ᠎ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠢ ᠲᠦᠷᠭᠡᠨ ᠢᠶᠠᠷ ᠡᠬᠦᠳᠦᠨ ᠪᠠᠶᠢᠭᠤᠯᠤᠨ᠎ᠠ᠃ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠦᠨᠳᠦᠷ ᠲᠡᠰᠲᠦ ᠰᠣᠶᠣᠯ ᠵᠢᠭᠤᠯᠴᠢᠯᠠᠯ ᠤᠨ ︽ᠪᠦᠲᠦᠭᠡᠭᠳᠡᠬᠦᠨ ᠤ ᠪᠤᠭᠤᠯᠲᠠ︾᠎ ᠶᠢ ᠡᠬᠦᠳᠦᠨ᠎ᠡ᠃ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠲᠤᠭᠳᠠᠯᠴᠠᠭ᠎ᠠ ᠶᠢᠨ ᠵᠢᠱᠢᠶ᠎ᠡ ᠦᠵᠡᠭᠦᠯᠬᠦ ᠤᠷᠤᠨ ᠤ ᠰᠢᠨ᠎ᠡ ᠶᠢ ᠡᠭᠦᠳᠦᠨ ᠬᠦᠭᠵᠢᠬᠦᠯᠬᠦ ᠶᠢ ᠭᠦᠨᠵᠡᠭᠡᠶ ᠠᠬᠢᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠎ ᠤᠨ ᠵᠣᠬᠢᠶᠠᠨ ᠪᠦᠲᠦᠭᠡᠯᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠤᠯᠠᠭᠠᠨᠮᠥ᠋ᠴᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠱᠠᠨᠰᠢ ᠭᠠᠨᠰᠦ ᠨᠢᠩᠰᠢᠶᠠ ᠵᠡᠷᠭᠡ ᠭᠠᠵᠠᠷ ᠤᠷᠤᠨ ᠯᠤᠭ᠎ᠠ ᠶᠢᠨ ᠬᠤᠪᠢᠰᠬᠠᠯᠳᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠬᠤᠪᠢᠰᠬᠠᠯᠳᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ︽ᠰᠣᠶᠣᠯ +︾ ︽ᠵᠢᠭᠤᠯᠴᠢᠯᠠᠯ +︾᠎ ᠶᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ᠂ ᠠᠵᠤ ᠦᠢᠯᠡᠳᠪᠦᠷᠢ ᠶᠢᠨ ᠵᠢᠭᠤᠯᠴᠢᠯᠠᠯ᠂ ᠥᠪᠡᠷ ᠢᠶᠠᠨ ᠬᠡᠷᠳᠤ ᠲᠡᠷᠭᠡ  ᠵᠢᠯᠤᠭᠤᠳᠴᠣ ᠵᠢᠭᠤᠯᠴᠢᠯᠠᠬᠤ ᠵᠡᠷᠭᠡ ᠰᠢᠨ᠎ᠡ ᠡᠵᠡᠩᠨᠡᠯᠲᠡ ᠶᠢᠨ ᠲᠥᠯᠦᠪ ᠪᠠᠶᠢᠳᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠠᠭᠤᠰᠤᠯᠴᠠᠯ᠂ ᠡᠵᠡᠩᠨᠡᠯᠲᠡ ᠶᠢᠨ ᠲᠥᠯᠦᠪ ᠪᠠᠶᠢᠳᠠᠯ ᠤᠨ ᠠᠭᠤᠰᠤᠯᠴᠠᠯ ᠢ ᠠᠬᠢᠭᠤᠯᠤᠨ᠎ᠠ᠃    ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠨ᠎ᠡ᠃ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠴᠠᠭ᠂ ᠲᠠᠰ ᠪᠠ ᠲᠥᠷᠥᠯ ᠬᠤᠪᠢᠶᠠᠵᠤ ᠵᠦᠷᠢᠶᠡᠴᠢᠯᠡᠨ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠲᠥᠯᠦᠪ ᠪᠠᠶᠢᠳᠠᠯ ᠪᠠ ᠵᠠᠭᠪᠤᠷ ᠎ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠶᠠᠰᠤ ᠴᠢᠨᠠᠷ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠵᠢᠭᠤᠯᠴᠢᠯᠠᠯ ᠤᠨ ᠨᠠᠶᠢᠷ᠂ ᠮᠥᠰᠥ ᠴᠠᠰᠤᠨ ᠤ ᠨᠠᠭᠠᠳᠤᠮ ᠵᠡᠷᠭᠡ ᠭᠤᠤᠯᠳᠠᠯᠭ᠎ᠠ ᠲᠠᠢ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ‍ ᠨᠢᠭᠡ ᠪᠦᠯᠦᠭ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠪᠦᠲᠦᠮᠵᠢᠲᠡᠶ ᠳᠠᠶᠢᠴᠢᠯᠠᠨ᠎ᠠ᠃ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠣᠨ ᠤ ᠠᠵᠢᠯᠯᠠᠭ᠎ᠠ ᠶᠢ ᠥᠷᠨᠢᠭᠦᠯᠵᠦ᠂ ᠬᠠᠷᠠᠯᠲᠠᠲᠤ ᠵᠠᠬ᠎ᠠ ᠳᠡᠯᠭᠡᠭᠦᠷ ᠲᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠡᠵᠡᠩᠨᠡᠨ ᠪᠣᠷᠣᠯᠠᠭᠤᠯᠬᠤ ᠶᠢ ᠥᠷᠨᠢᠭᠦᠯᠵᠦ᠂ ᠨᠢᠭᠡ ᠪᠦᠯᠦᠭ ᠰᠦᠯᠵᠢᠶᠡᠨ ᠤ ᠨᠡᠷᠡᠲᠦ ᠵᠢᠭᠤᠯᠴᠢᠯᠠᠯ ᠎ ᠤᠨ ᠭᠠᠵᠠᠷ᠂ ᠵᠢᠭᠤᠯᠴᠢᠯᠠᠯ ᠤᠨ ᠰᠢᠨ᠎ᠡ IP᠎ ᠶᠢ ᠪᠣᠶ ᠪᠣᠯᠭᠠᠨ᠎ᠠ᠃   ︵ᠲᠤᠯᠤᠭ᠎ᠠ︶ ᠪᠦᠬᠦ ᠤᠯᠤᠰ ᠤᠨ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠤ ᠰᠢᠯᠢᠳᠡᠭ ᠬᠤᠳᠠ ᠶᠢ ᠭᠦᠴᠤᠯᠡᠨ ᠪᠠᠶᠢᠭᠤᠯᠤᠨ᠎ᠠ    ᠵᠠᠰᠠᠭ ᠤᠨ ᠶᠠᠪᠤᠳᠠᠯ ᠤᠨ ᠤᠶᠢᠯᠡᠴᠢᠯᠡᠭᠡ ᠶᠢᠨ ᠭᠦᠴᠤᠨ ᠴᠢᠳᠠᠯ ᠢ ᠲᠡᠭᠡᠭᠰᠢᠯᠡᠭᠦᠯᠤᠨ᠎ᠠ᠃ ︽ᠨᠢᠭᠡ ᠰᠦᠯᠵᠢᠶ᠎ᠡ ᠪᠠᠷ ᠭᠦᠢᠴᠡᠳᠭᠡᠭᠦ︾ ︽ᠠᠯᠠᠭᠠᠨ ᠳᠡᠭᠡᠷ᠎ᠡ ᠭᠦᠢᠴᠡᠳᠭᠡᠭᠦ︾ ︽ᠨᠢᠭᠡ ᠤᠳᠠᠭ᠎ᠠ ᠳᠤ ᠭᠦᠢᠴᠡᠳᠭᠡᠭᠦ︾ ︽ᠬᠠᠪᠰᠤᠷᠤᠨ ᠭᠦᠢᠴᠡᠳᠭᠡᠭᠦ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠷᠢᠮ ᠬᠦᠷᠢᠶ᠎ᠡ ᠴᠠᠷᠠᠭ᠎ᠠ ᠶᠢᠨ ᠬᠢᠨᠠᠨ ᠵᠥᠪᠰᠢᠶᠡᠷᠡᠬᠦ ᠭᠠᠷ ᠭᠦᠢᠴᠡᠳᠭᠡᠯ ᠨᠢ ᠲᠦᠪᠡᠭᠲᠡᠶ᠂ ᠭᠦᠢᠴᠡᠳᠭᠡᠭᠦ ᠴᠠᠭ ᠬᠤᠭᠤᠴᠠᠭ᠎ᠠ ᠨᠢ ᠬᠡᠲᠦ ᠣᠷᠳᠣ᠂ ᠦᠷ᠎ᠡ ᠪᠦᠲᠦᠮᠵᠢ ᠨᠢ ᠳᠣᠤᠷ᠎ᠠ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠴᠤᠪᠤᠷᠠᠯ ᠢ ᠳᠠᠬᠢᠨ ᠵᠢᠷᠤᠭᠯᠠᠨ ᠪᠦᠳᠤᠭᠡᠭᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠵᠤᠶᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠭᠦ︾᠎ ᠶᠢ 90%᠎ ᠠᠴᠠ ᠲᠡᠭᠡᠭᠰᠢ ᠳᠤ ᠭᠦᠷᠭᠡᠭᠦ ᠶᠢ ᠪᠠᠶᠠᠯᠡᠭᠦᠯᠤᠨ᠎ᠠ︔ ᠣᠯᠠᠨ ᠨᠡᠶᠢᠲᠡ ᠶᠢᠨ ᠤᠶᠢᠯᠡᠴᠢᠯᠡᠭᠡᠨ ᠤ ᠬᠡᠷᠡᠭᠯᠡᠭᠡ ᠶᠢ ᠡᠮᠬᠢᠯᠡᠨ ᠨᠢᠭᠡᠳᠭᠡᠭᠦ ᠡᠷᠴᠢᠮ ᠢ ᠴᠢᠩᠭᠠᠷᠠᠭᠤᠯᠵᠤ᠂ 50 ᠵᠤᠶᠢᠯ ᠤᠨ ᠲᠠᠪᠳᠠᠮᠵᠢ ᠪᠠᠷ ᠦᠨᠳᠦᠷ ᠵᠤᠶᠢᠯᠡᠰ ᠢ ︽ᠥᠪᠥᠷ ᠲᠦᠷᠭᠡᠨ ᠭᠦᠢᠴᠡᠳᠭᠡᠭᠦ︾᠎  ᠰᠢᠯᠵᠢᠮᠡᠯ ᠦᠵᠦᠭᠦᠷ ᠲᠤ ᠵᠠᠯᠭᠠᠨ ᠤᠷᠤᠭᠤᠯᠤᠨ᠎ᠠ︔ ᠬᠤᠯᠪᠤᠭᠠᠯᠡᠨ ᠬᠢᠨᠠᠨ ᠵᠥᠪᠰᠢᠶᠡᠷᠡᠬᠦ᠂ ᠠᠯᠭᠤᠷᠯᠠᠨ ᠬᠦᠯᠢᠶᠡᠨ ᠠᠪᠴᠤ ᠬᠢᠨᠠᠨ ᠵᠥᠪᠰᠢᠶᠡᠷᠡᠬᠦ᠂ ᠮᠡᠳᠡᠭᠳᠡᠨ ᠠᠮᠠᠯᠠᠯᠲᠠ ᠬᠢᠵᠤ ᠬᠢᠨᠠᠨ ᠵᠦᠪᠰᠢᠶᠠᠷᠡᠭᠦ ᠎ ᠶᠢ ᠰᠢᠯᠢᠳᠡᠭᠵᠢᠭᠦᠯᠵᠤ᠂ ︽ᠨᠢᠭᠡ ᠤᠴᠢᠷ ᠶᠠᠪᠤᠳᠠᠯ ᠢ ᠨᠢᠬᠡᠯᠡ ᠤᠳᠠᠭ᠎ᠠ ᠲᠡᠭᠡᠷ᠎ᠠ ᠭᠦᠢᠴᠡᠳᠭᠡᠭᠦ︾᠎ ᠶᠢ ᠴᠢᠷᠮᠠᠶᠢᠨ ᠪᠡᠶᠡᠯᠡᠭᠦᠯᠦᠨ᠎ᠡ︔ ᠪᠡᠯᠡ ᠣᠷᠣᠭᠤᠯᠤᠯᠲᠠ ᠶᠢᠨ ᠲᠦᠷᠤᠯ ᠵᠤᠶᠢᠯ ᠢ ᠬᠠᠪᠰᠤᠷᠤᠨ ᠭᠦᠢᠴᠡᠳᠭᠡᠵᠤ ᠣᠷᠣᠯᠠᠨ ᠭᠦᠢᠴᠡᠳᠭᠡᠭᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠵᠤ ᠠᠬᠤᠶᠢᠯᠠᠯ ᠭᠦᠶᠤᠵᠤ︾ ᠪᠠᠶᠢᠭᠰᠠᠨ ᠢ ︽ᠵᠠᠰᠠᠭ ᠤᠨ ᠣᠷᠳᠣᠨ ᠭᠦᠶᠤᠭᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠤᠶᠢᠯ ᠎ ᠢ ᠬᠢᠨᠡᠨ ᠵᠦᠪᠰᠢᠶᠠᠷᠡᠭᠦ ᠦᠷ᠎ᠠ ᠪᠦᠳᠤᠮᠵᠢ ᠶᠢ ᠲᠡᠭᠡᠭᠰᠢᠯᠡᠭᠦᠯᠵᠤ᠂ ᠠᠵᠤ ᠤᠶᠢᠯᠡᠳᠪᠤᠷᠢ ᠶᠢᠨ ᠭᠦᠷᠢᠶᠠᠯᠠᠩ ᠲᠤᠭᠤᠷᠢᠭ ᠤᠨ ᠲᠦᠭᠰᠢᠭᠦᠷᠢ ᠪᠠᠷ ᠪᠠᠭ᠎ᠠ ᠵᠢᠵᠢᠭ ᠬᠡᠯᠪᠡᠷᠢ ᠶᠢᠨ ᠲᠦᠷᠤᠯ ᠵᠤᠶᠢᠯ ᠢ 30 ᠠᠵᠢᠯᠯᠠᠬᠤ ᠡᠳᠤᠷ ᠤᠨ ᠲᠤᠳᠤᠷ᠎ᠠ ᠬᠢᠨᠡᠨ ᠵᠦᠪᠰᠢᠶᠠᠷᠡᠭᠦ ᠶᠢ ᠪᠠᠶᠠᠯᠡᠭᠦᠯᠤᠨ᠎ᠠ᠃ ᠴᠠᠬᠢᠯᠭᠠᠨ ᠭᠦᠴᠤ ᠶᠢ ᠤᠯᠬᠤ ᠲᠦᠭᠦᠮ ᠲᠦᠳᠠ ᠬᠡᠮᠵᠢᠶ᠎ᠠ ᠶᠢ ᠰᠢᠯᠢᠳᠡᠭᠵᠢᠭᠦᠯᠵᠤ᠂ ᠲᠤᠤᠷ᠎ᠠ ᠭᠦᠴᠦᠳᠡᠯᠳᠤ ᠴᠠᠬᠢᠯᠭᠠᠨ ᠤ ᠰᠠᠭᠤᠭᠠᠯᠢ ᠠᠷᠠᠳ ᠤᠨ ᠪᠤᠰᠤ ᠬᠡᠷᠡᠭᠯᠡᠭᠴᠢ᠂ ᠡᠩ ᠤᠨ ᠦᠨᠳᠤᠷ ᠭᠦᠴᠦᠳᠡᠯᠳᠤ ᠴᠠᠬᠢᠯᠭᠠᠨ ᠤ ᠬᠡᠷᠡᠭᠯᠡᠭᠴᠢ ᠶᠢᠨ ᠴᠠᠬᠢᠯᠭᠠᠨ ᠬᠠᠩᠭᠠᠬᠤ ᠶᠢ ᠭᠦᠢᠴᠡᠳᠬᠡᠬᠦ ᠴᠠᠭ ᠤᠨ ᠬᠢᠵᠠᠭᠠᠷ ᠢ ᠲᠤᠰᠪᠤᠷᠢ 3 ᠠᠵᠢᠯᠯᠠᠬᠤ ᠡᠳᠤᠷ ᠪᠠ 12 ᠠᠵᠢᠯᠯᠠᠬᠤ ᠡᠳᠤᠷ ᠎ ᠠᠴᠠ ᠬᠡᠳᠤᠷᠡᠭᠦᠯᠭᠦ ᠦᠬᠡᠢ᠃ ᠤᠷᠴᠢᠨ ᠲᠤᠭᠤᠷᠢᠨ ᠤ ᠨᠦᠯᠤᠭᠡᠨ ᠤ ᠦᠨᠡᠯᠠᠯᠳᠠ ᠶᠢ ᠬᠢᠨᠡᠨ ᠵᠦᠪᠰᠢᠶᠡᠷᠡᠭᠦ ᠦᠷ᠎ᠠ ᠪᠦᠳᠤᠮᠵᠢ ᠶᠢ ᠲᠡᠭᠡᠭᠰᠢᠯᠡᠭᠦᠯᠵᠤ᠂ ᠮᠠᠨ ᠤ ᠬᠤᠳᠠ ᠶᠢᠨ ᠤᠷᠴᠢᠨ ᠲᠤᠭᠤᠷᠢᠨ ᠤ ᠨᠦᠯᠤᠭᠡᠯᠡᠯ ᠤᠨ ᠮᠡᠳᠡᠭᠦᠯᠤᠯᠳᠠ ᠶᠢᠨ ᠪᠢᠴᠢᠭ ᠢ ᠬᠢᠨᠡᠨ ᠵᠦᠪᠰᠢᠶᠡᠷᠡᠭᠦ ᠴᠠᠭ ᠬᠤᠭᠤᠴᠠᠭ᠎ᠠ ᠶᠢ ᠤᠤᠯ ᠤᠨ 60 ᠡᠳᠤᠷ ᠠᠴᠠ ᠪᠠᠭᠠᠰᠬᠠᠨ 30 ᠡᠳᠤᠷ ᠪᠤᠯᠭᠠᠵᠤ᠂ ᠤᠷᠴᠢᠨ ᠲᠤᠭᠤᠷᠢᠨ ᠤ ᠨᠦᠯᠤᠭᠡᠯᠡᠯ ᠤᠨ ᠮᠡᠳᠡᠭᠦᠯᠤᠯᠳᠠ ᠶᠢᠨ ᠭᠦᠰᠤᠨᠤᠭ᠍ᠳᠤ ᠶᠢ ᠤᠤᠯ ᠤᠨ 30 ᠡᠳᠤᠷ ᠠᠴᠠ ᠤᠬᠤᠷᠰᠬᠠᠨ 15 ᠡᠳᠤᠷ ᠪᠤᠯᠭᠠᠨ᠎ᠠ᠃ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠭᠦ︾ ᠲᠦᠷᠢᠮ ᠢ ᠲᠡᠭᠦᠯᠳᠡᠷᠵᠢᠭᠦᠯᠵᠤ᠂ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠤ ᠦᠨᠡᠯᠡᠯᠳᠡ ᠶᠢᠨ ᠪᠠᠶᠢᠩᠭᠤᠵᠢᠭᠰᠡᠨ᠂ ᠤᠷᠳᠤ ᠬᠤᠭᠤᠴᠠᠭ᠎ᠠ ᠶᠢᠨ ᠪᠦᠳᠤᠮᠵᠢᠳᠠᠢ ᠲᠤᠭᠳᠠᠴᠠ ᠶᠢ ᠪᠠᠶᠢᠭᠤᠯᠤᠨ᠎ᠠ᠃   ᠭᠤᠤᠯᠳᠠᠯᠭ᠎ᠠ ᠲᠠᠢ ᠭᠦᠷᠢᠶ᠎ᠠ ᠴᠠᠷᠠᠭᠠᠨ ᠤ ᠦᠭᠡᠷᠡᠴᠢᠯᠠᠯᠳᠠ ᠶᠢ ᠬᠦᠨᠵᠡᠬᠡᠶᠢᠷᠡᠭᠦᠯᠦᠨ᠎ᠡ᠃ ᠠᠵᠢᠯ ᠤᠶᠢᠯᠡᠰ ᠤᠨ ᠨᠢᠭᠡᠴᠠ ᠶᠢᠨ ᠦᠭᠡᠷᠡᠴᠢᠯᠠᠯᠳᠠ ᠶᠢ ᠠᠬᠢᠭᠤᠯᠤᠨ᠎ᠠ᠃ ᠨᠢᠭᠡ ᠴᠤᠭᠴᠠᠵᠢᠭᠤᠯᠤᠭᠰᠡᠨ ᠶᠠᠷᠤᠩᠬᠡᠶᠢᠯᠡᠭᠰᠡᠨ ᠬᠠᠤᠯᠢ ᠬᠡᠷᠡᠭᠵᠢᠭᠦᠯᠭᠦ ᠲᠤᠭᠳᠠᠴᠠ ᠶᠢ ᠪᠦᠷᠢᠨᠰᠢᠭᠦᠯᠵᠤ᠂ ᠬᠠᠤᠯᠢ ᠬᠡᠷᠡᠭᠵᠢᠭᠦᠯᠭᠦ ᠦᠷ᠎ᠠ ᠪᠦᠳᠤᠮᠵᠢ ᠎ ᠶᠢ ᠲᠡᠭᠡᠭᠰᠢᠯᠡᠭᠦᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠭᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠶᠢᠨ ᠦᠭᠡᠷᠡᠴᠢᠯᠠᠯᠳᠠ ᠶᠢ ᠠᠬᠢᠭᠤᠯᠵᠤ᠂ ᠵᠠᠰᠠᠭ ᠵᠠᠬᠢᠷᠭ᠎ᠠ ᠠᠵᠢᠯ ᠤᠶᠢᠯᠡᠰ ᠤᠨ ᠨᠢᠭᠡᠴᠠ ᠶᠢᠨ ᠤᠯᠤᠰ ᠤᠨ ᠦᠮᠴᠢᠯᠠᠯᠳᠤ ᠡᠳ᠋ ᠭᠦᠷᠤᠩᠭᠡ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠤᠯᠤᠰ ᠤᠨ ᠦᠮᠴᠢᠯᠠᠯᠳᠤ ᠠᠵᠤ ᠠᠬᠤᠶᠢᠯᠡᠯ ᠤᠨ ᠦᠭᠡᠷᠡᠴᠢᠯᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠤ᠂ ᠤᠯᠤᠰ ᠤᠨ ᠦᠮᠴᠢᠯᠠᠯᠳᠤ ᠡᠳ᠋ ᠭᠦᠷᠤᠩᠭᠡ ᠤᠯᠤᠰ ᠤᠨ ᠦᠮᠴᠢᠯᠠᠯᠳᠤ ᠠᠵᠤ ᠠᠬᠤᠶᠢᠯᠡᠯ ᠤᠨ ᠡᠷᠬᠢᠯᠳᠠ ᠶᠢᠨ ᠶᠠᠰᠤ ᠴᠢᠨᠠᠷ ᠪᠠ ᠦᠷ᠎ᠠ ᠠᠰᠢᠭ ᠢ ᠲᠡᠭᠡᠭᠰᠢᠯᠡᠭᠦᠯᠤᠨ᠎ᠠ᠃ ᠤᠯᠤᠰ ᠎ ᠤᠨ ᠵᠤᠭᠤᠰᠤᠨ ᠤ ᠲᠦᠷᠤ ᠶᠢᠨ ᠪᠤᠳᠤᠯᠭ᠎ᠠ ᠶᠢ ᠭᠦᠢᠴᠡᠳ ᠠᠮᠢᠳᠤᠯᠢᠭ ᠬᠡᠷᠡᠭᠯᠡᠵᠤ᠂ ᠮᠦᠩᠭᠦᠨ ᠭᠦᠢᠯᠭᠡᠭᠡᠨ ᠢᠶᠠᠷ ᠪᠤᠳᠠᠳᠤ ᠴᠤᠭᠴᠠ ᠶᠢᠨ ᠠᠵᠤ ᠠᠬᠤᠢ ᠶᠢ ᠲᠠᠮᠵᠢᠭᠦ ᠪᠦᠳᠤᠮᠵᠢᠳᠠᠢ ᠲᠤᠭᠳᠠᠴᠠ ᠶᠢ ᠲᠡᠭᠦᠯᠳᠡᠷᠵᠢᠭᠦᠯᠵᠤ᠂ ᠲᠦᠭᠡᠮᠡᠯ ᠬᠠᠷᠠᠭᠠᠯᠵᠠᠯᠳᠤ ᠮᠦᠩᠭᠦᠨ ᠭᠦᠢᠯᠭᠡᠭᠡ᠂ ᠨᠤᠭᠤᠭᠠᠨ ᠮᠦᠩᠭᠦᠨ ᠭᠦᠢᠯᠭᠡᠭᠡ ᠶᠢ ᠭᠦᠭᠵᠢᠭᠦᠯᠤᠨ᠎ᠠ᠃ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠭᠦ ᠲᠤᠭᠳᠠᠴᠠ ᠶᠢᠨ ᠰᠢᠨ᠎ᠠ ᠶᠢ ᠡᠭᠦᠳᠴᠤ᠂ ᠰᠢᠰᠲ᠋ᠧᠮᠳᠤ ᠴᠢᠨᠠᠷᠳᠠᠢ ᠮᠦᠩᠭᠦᠨ

        爱享365_365bet官网娱乐_365ba

        ᠭᠦᠢᠯᠭᠡᠭᠡᠨ ᠤ ᠲᠦᠭᠰᠢᠭᠦᠷᠢ ᠦᠯᠤ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠢᠳᠡᠭᠡᠯ ᠠᠯᠳᠠᠪᠠᠯ ᠬᠢᠵᠠᠭᠠᠷᠯᠠᠬᠤ ᠲᠦᠷᠢᠮ ᠢ ᠵᠢᠷᠤᠮᠵᠢᠭᠤᠯᠵᠤ᠂ ᠢᠳᠡᠭᠡᠮᠵᠢ ᠶᠢ ᠰᠡᠷᠭᠦᠭᠡᠭᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠰᠡᠷᠭᠦᠭᠡᠭᠦ ᠨᠦᠭᠦᠴᠠᠯ ᠳᠤ ᠨᠠᠶᠢᠴᠡᠭᠰᠡᠨ ᠢᠳᠠᠭᠡᠯ ᠠᠯᠳᠠᠭᠰᠡᠨ ᠭᠤᠤᠯ ᠴᠤᠭᠴᠠ ᠶᠢ ᠴᠠᠭ ᠲᠠᠷᠤᠢ ᠳᠤᠨᠢ ᠰᠡᠷᠭᠦᠭᠡᠭᠦ ᠶᠢᠨ ᠬᠠᠮᠳᠤ ᠢᠳᠠᠭᠡᠯ ᠠᠯᠳᠠᠭᠰᠡᠨ ᠨᠠᠷᠡᠰ ᠤᠨ ᠵᠢᠭᠰᠠᠭᠠᠯ ᠠᠴᠠ ᠰᠢᠯᠵᠢᠭᠦᠯᠤᠨ ᠭᠠᠷᠭᠠᠨ᠎ᠠ᠃ ︽ᠲᠤᠮᠳᠠ ᠵᠢᠵᠢᠭ ᠠᠵᠤ ᠠᠬᠤᠶᠢᠯᠡᠯ ᠤᠨ ᠵᠤᠭᠤᠰ ᠢ ᠦᠭᠭᠦ ᠶᠢ ᠪᠠᠳᠤᠯᠠᠬᠤ ᠲᠦᠷᠢᠮ︾᠎ ᠢ ᠨᠠᠶᠢᠳᠠᠪᠤᠷᠢᠵᠢᠭᠤᠯᠵᠤ᠂ ᠲᠤᠮᠳᠠ ᠵᠢᠵᠢᠭ ᠠᠵᠤ ᠠᠬᠤᠶᠢᠯᠡᠯ ᠳᠤ ᠦᠷᠢᠳᠤᠵᠤ ᠪᠠᠶᠢᠭ᠎ᠠ ᠲᠠᠩᠰᠠᠨ ᠳᠠᠬᠢ ᠵᠤᠭᠤᠰ ᠤᠨ ᠠᠰᠠᠭᠤᠳᠠᠯ ᠢ ᠤᠷᠢᠳᠴᠢᠯᠡᠨ ᠰᠡᠷᠬᠡᠶᠢᠯᠡᠭᠦ ᠪᠠ ᠢᠯᠭᠠᠷᠠᠭᠤᠯᠬᠤ ᠤᠷᠳᠤ ᠬᠤᠭᠤᠴᠠᠭ᠎ᠠ ᠶᠢᠨ ᠪᠦᠳᠤᠮᠵᠢᠳᠠᠢ ᠲᠤᠭᠳᠠᠴᠠ ᠶᠢ ᠪᠠᠶᠢᠭᠤᠯᠤᠨ᠎ᠠ᠃    ᠭᠠᠳᠠᠭᠠᠳᠤ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠨ᠎ᠠ᠃ ᠬᠠᠳᠤᠨ ᠭᠤᠤᠯ ᠤᠨ ᠰᠠᠪᠠ ᠭᠠᠵᠡᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠳᠠᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠭᠦᠭᠡ ᠮᠦᠷᠡᠨ ᠤ ᠠᠵᠤ ᠠᠬᠤᠢ ᠶᠢᠨ ᠪᠦᠰᠠ ᠶᠢᠨ ᠭᠦᠭᠵᠢᠯᠳᠠ ᠶᠢᠨ ᠪᠠᠶᠢᠯᠳᠤᠬᠤ ᠪᠤᠳᠤᠯᠭ᠎ᠠ ᠲᠠᠢ ᠢᠳᠠᠪᠬᠢᠳᠠᠢ ᠪᠠᠷ  ᠠᠪᠤᠴᠠᠯᠳᠤᠵᠤ᠂ ᠪᠡᠭᠡᠵᠢᠩ ᠲᠢᠶᠠᠨᠵᠢᠨ ᠡᠾᠧᠪᠸᠢ᠂ ᠭᠤᠸᠠᠩᠳᠦ᠋ᠩ ᠰᠢᠶᠠᠩᠭᠠᠩ ᠤᠤᠮᠸᠠ ᠤ ᠶᠡᠭᠡ ᠪᠤᠯᠤᠩ ᠤᠨ ᠤᠷᠤᠨ ᠵᠡᠷᠭᠡ ᠠᠵᠤ ᠠᠬᠤᠢ ᠶᠢᠨ ᠲᠤᠭᠤᠷᠢᠭ ᠯᠤᠭ᠎ᠠ ᠶᠢᠨ ᠬᠠᠷᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠭᠦᠭᠡᠬᠤᠳᠠ ᠪᠤᠭᠤᠳᠤ ᠤᠷᠳᠤᠰ ᠦᠬᠠᠢ ᠶᠢᠨ ᠬᠠᠮᠳᠤᠷᠠᠯᠴᠠᠨ ᠭᠦᠭᠵᠢᠭᠦ᠂ ᠭᠦᠬᠡᠬᠤᠳᠠ ᠪᠤᠭᠤᠳᠤ ᠤᠷᠳᠤᠰ ᠲᠡᠮᠡᠭᠡᠳᠤ ᠶᠢᠨ ᠬᠤᠳᠠ ᠶᠢᠨ ᠰᠦᠷᠤᠭ᠍ᠵᠢᠯ ᠵᠡᠷᠭᠡ ᠵᠦᠪᠳᠡᠯᠴᠡᠭᠡᠷ ᠢ ᠨᠤᠳᠤᠭᠰᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠶᠠᠷᠤᠩᠬᠡᠶᠢᠯᠡᠭᠰᠡᠨ ᠭᠠᠶᠢᠯᠢ ᠪᠠᠳᠤᠯᠠᠬᠤ ᠤᠷᠤᠨ ᠤ ᠭᠦᠭᠵᠢᠯᠳᠠ ᠶᠢ ᠲᠠᠮᠵᠢᠵᠤ᠂ ᠠᠭᠠᠷ ᠤᠨ ᠭᠠᠷᠠᠮ ᠤᠨ ᠨᠡᠭᠡᠭᠡᠯᠳᠠ ᠎ ᠶᠢᠨ ᠲᠦᠪᠰᠢᠨ ᠢ ᠲᠡᠭᠡᠭᠰᠢᠯᠡᠭᠦᠯᠵᠤ᠂ ᠭᠠᠳᠠᠭᠰᠢᠯ ᠠᠵᠤ ᠠᠬᠤᠢ ᠶᠢᠨ ᠭᠦᠭᠵᠢᠯᠳᠠ ᠶᠢ ᠠᠬᠢᠭᠤᠯᠤᠨ᠎ᠠ᠃    ᠲᠦᠯᠤᠭᠡᠯᠡᠭᠴᠢᠳ ᠡ︕ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠪᠤᠯ ᠴᠢᠨᠠᠷ ᠰᠠᠶᠢᠳᠠᠢ ᠭᠦᠭᠵᠢᠯᠳᠠ ᠶᠢᠨ ᠠᠮᠢᠨ ᠰᠤᠳᠠᠰᠤ ᠪᠤᠯᠤᠨ᠎ᠠ᠃ ᠪᠢᠳᠠ ᠪᠦᠬᠦ ᠤᠷᠤᠨ ᠤ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ ᠰᠢᠯᠢᠳᠡᠭᠵᠢᠭᠦᠯᠭᠦ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶᠢᠷᠡᠭᠦᠯᠤᠨ ᠲᠤᠤᠱᠯᠠᠭᠤᠯᠵᠤ᠂ ᠨᠡᠩ ᠶᠡᠭᠡ ᠭᠦᠴᠤᠯᠠᠴᠠ ᠪᠠ ᠴᠢᠩᠭ᠎ᠠ ᠠᠷᠭ᠎ᠠ ᠪᠠᠷᠢᠯ ᠢᠶᠠᠷ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠤ ᠰᠠᠮᠠᠭᠤᠨ ᠪᠠᠶᠢᠳᠠᠯ ᠢ ᠠᠷᠢᠯᠭᠠᠵᠤ᠂ ᠦᠵᠡᠯ ᠰᠠᠨᠠᠭ᠎ᠠ ᠤᠶᠢᠯᠠᠭᠠᠭᠳᠠᠬᠤᠨ ᠤ ᠬᠠᠷᠰᠢ ᠰᠠᠭᠠᠳ ᠢ ᠠᠷᠢᠯᠭᠠᠨ᠂ ᠰᠤᠷᠳᠠᠯ ᠤᠨ ᠠᠷᠬᠠᠭ ᠬᠡᠮ ᠢ ᠲᠠᠪᠴᠢᠵᠤ᠂ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ ᠰᠢᠯᠢᠳᠡᠭᠵᠢᠭᠦᠯᠭᠦ ᠪᠦᠬᠦᠯᠢ ᠴᠤᠭᠴᠠ ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠵᠠᠬ᠎ᠠ ᠲᠡᠯᠭᠡᠭᠦᠷᠴᠢᠯᠡᠭᠰᠡᠨ᠂ ᠬᠠᠤᠯᠢᠵᠢᠭᠤᠯᠤᠭᠰᠡᠨ᠂ ᠤᠯᠡᠨ ᠤᠯᠤᠰᠴᠢᠯᠠᠭᠰᠡᠨ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠢ ᠲᠦᠷᠭᠡᠨ ᠢᠶᠠᠷ ᠪᠠᠶᠢᠭᠤᠯᠤᠶ᠎ᠠ᠃   ︵ᠨᠠᠢᠮᠠ︶ ᠬᠤᠳᠠ ᠭᠦᠳᠡᠭᠡ ᠶᠢᠨ ᠲᠦᠯᠤᠪᠵᠢᠭᠦᠯᠭᠡ ᠪᠦᠳᠤᠭᠡᠨ ᠪᠠᠶᠢᠭᠤᠯᠤᠯᠳᠠ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠠ    ᠬᠤᠲᠠ᠂ ᠬᠤᠰᠢᠭᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠤᠳᠠ ᠶᠢ ᠰᠢᠨᠡᠴᠢᠯᠡᠭᠦ ᠠᠵᠢᠯᠯᠠᠭ᠎ᠠ ᠶᠢ ᠶᠠᠪᠤᠭᠳᠠᠭᠤᠯᠵᠤ᠂ ᠰᠠᠶᠢᠮᠡᠬᠡᠢ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ᠂ ᠴᠠᠬᠢᠯᠭᠠᠨ᠂ ᠵᠠᠮ᠂ ᠮᠡᠳᠡᠭᠡ ᠬᠤᠯᠪᠤᠭ᠎ᠠ᠂ ᠢᠯᠴᠢ᠂ ᠬᠡᠢ ᠪᠠ ᠭᠠᠵᠠᠷ ᠳᠣᠣᠷᠠᠬᠢ ᠬᠤᠭᠤᠯᠠᠶ ᠲᠣᠣᠷ ᠵᠡᠷᠭᠡ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠤᠯᠳᠠᠯᠭᠠᠳᠤ ᠬᠤᠳᠠ ᠲᠣᠭᠤᠷᠢᠭ ᠤᠨ ᠤᠰᠤᠨ ᠤ ᠬᠠᠩᠭᠠᠯᠭ᠎ᠠ ᠶᠢ ᠨᠢᠭᠡ ᠴᠤᠭᠴᠠᠵᠢᠭᠤᠯᠬᠤ ᠶᠢ ᠲᠦᠷᠭᠡᠳᠬᠡᠨ᠎ᠡ᠃ 72 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠦᠷᠭᠡ ᠲᠣᠭᠤᠷᠢᠭ ᠢ ᠦᠭᠡᠷᠡᠴᠢᠯᠡᠭᠦ ᠠᠵᠢᠯ ᠢ ᠰᠠᠶᠢᠳᠤᠷ ᠬᠢᠵᠤ᠂ 1299 ᠭᠡᠷ ᠪᠠᠶᠢᠰᠢᠩ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠶᠢ ᠰᠢᠨ᠎ᠠ ᠪᠠᠷ ᠡᠬᠢᠯᠡᠭᠦᠯᠵᠤ᠂ ᠰᠢᠨ᠎ᠡ ᠪᠠᠷ ᠪᠠᠶᠢᠭᠤᠯᠬᠤ ᠲᠠᠸᠠᠷ ᠤᠨ ᠭᠡᠷ ᠪᠠᠶᠢᠰᠢᠩ ᠤᠨ ᠲᠦᠷᠤᠯ ᠵᠤᠶᠢᠯ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠲᠣᠬᠢᠷᠠᠭᠤᠯᠤᠨ ᠪᠦᠳᠤᠭᠡᠨ ᠪᠠᠶᠢᠭᠤᠯᠬᠤ ᠶᠢ ᠠᠬᠢᠭᠤᠯᠵᠤ᠂ ᠲᠦᠷᠦ ᠎ ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠢᠳᠡᠪᠬᠢᠲᠡᠶ ᠬᠥᠭᠵᠢᠭᠦᠯᠵᠦ᠂ ︽ᠣᠷᠣᠵᠤ ᠰᠠᠭᠤᠬᠤ ᠳᠤ ᠬᠦᠴᠢᠷᠲᠡᠶ︾᠂ ︽ᠪᠤᠴᠠᠵᠤ ᠨᠡᠭᠦᠬᠦ ᠳᠤ ᠬᠦᠴᠢᠷᠲᠡᠶ︾᠂ ︽ᠦᠨᠡᠮᠯᠡᠯ ᠠᠪᠬᠤ ᠳᠤ ᠬᠦᠴᠢᠷᠲᠡᠶ︾ ᠵᠡᠷᠭᠡ ᠭᠡᠷ ᠪᠠᠶᠢᠰᠢᠩ ᠭᠠᠵᠠᠷ ᠬᠦᠷᠦᠩᠭᠡ ᠶᠢᠨ ᠭᠦᠷᠢᠶ᠎ᠠ ᠴᠠᠷᠠᠭᠠᠨ ᠳᠠᠬᠢ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠠᠶᠢᠲᠤᠷ ᠰᠢᠢᠳᠪᠤᠷᠢᠯᠡᠨ᠎ᠠ᠃ ᠪᠦᠷᠢᠨ ᠲᠦᠭᠦᠷ ︵ᠴᠢᠳᠠᠪᠬᠢᠳᠤ︶ ᠰᠠᠭᠤᠭᠠᠯᠢ ᠠᠷᠠᠳ ᠤᠨ ᠨᠠᠶᠢᠭᠡᠮ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠬᠦ ᠪᠠ ᠨᠤᠮᠢᠨ ᠨᠤᠭᠤᠭᠠᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠦᠪᠡᠷᠮᠢᠴᠢᠯᠡᠭᠰᠡᠨ᠂ ᠵᠦᠷᠢᠶᠡᠴᠢᠯᠡᠭᠰᠡᠨ ᠠᠳᠠᠯ ᠠᠬᠤᠶ ᠶᠢᠨ ᠤᠶᠢᠯᠡᠴᠢᠯᠡᠭᠡ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠤᠳᠦ᠋ᠷᠤᠭ᠍ᠴᠢᠳᠤ ᠠᠮᠢᠳᠤᠷᠠᠯ ᠢ ᠰᠠᠨᠠᠭᠠᠴᠢᠯᠠᠵᠤ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃ ᠬᠤᠳᠠ ᠶᠢᠨ ᠠᠯᠭᠤᠷ ᠶᠠᠪᠤᠬᠤ ᠰᠢᠰᠲ᠋ᠧᠮ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠨᠤᠮᠢᠨ ᠨᠤᠭᠤᠭᠠᠨ ᠣᠷᠣᠨ ᠵᠠᠶ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠬᠤᠳᠠ ᠶᠢᠨ ᠶᠡᠷᠦᠩᠬᠡᠶᠢᠯᠡᠭᠰᠡᠨ ᠵᠢᠯᠣᠭᠤᠳᠬᠤ ᠲᠥᠪ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠳᠠ ᠪᠠᠯᠭᠠᠰᠤᠨ ᠤ ᠬᠠᠤᠯᠢ ᠠᠴᠠ ᠵᠥᠷᠢᠴᠡᠭᠰᠡᠨ ᠪᠦᠳᠦᠭᠡᠨ ᠪᠠᠶᠢᠭᠤᠯᠤᠯᠲᠠ᠂ ᠲᠣᠭᠲᠠᠭᠠᠯ ᠠᠴᠠ ᠵᠦᠷᠢᠴᠡᠨ ᠬᠢᠨᠠᠨ ᠵᠦᠪᠰᠢᠶᠠᠷᠡᠭᠰᠡᠨ ᠵᠤᠶᠢᠯ ᠢ ᠲᠤᠰᠬᠠᠶ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠪᠠᠯᠭᠠᠰᠤ ᠶᠢ ᠭᠦᠴᠤᠷᠭᠡᠭᠵᠢᠭᠦᠯᠤᠨ ᠲᠣᠰᠬᠤᠨ ᠢ ᠳᠠᠶᠢᠴᠢᠯᠠᠬᠤ ᠶᠢ ᠠᠬᠢᠭᠤᠯᠵᠤ᠂ ᠨᠢᠭᠡ ᠪᠦᠯᠦᠭ ᠠᠵᠤ ᠤᠶᠢᠯᠡᠳᠪᠤᠷᠢ ᠶᠢᠨ ᠬᠦᠴᠦᠷᠬᠡᠭ ᠪᠠᠯᠭᠠᠰᠤ᠂ ᠵᠢᠭᠤᠯᠴᠢᠯᠠᠯ ᠤᠨ ᠨᠠᠷᠠᠲᠤ ᠪᠠᠯᠭᠠᠰᠤ᠂ ᠠᠷᠠᠯᠵᠢᠶ᠎ᠠ ᠬᠤᠳᠠᠯᠳᠤᠭᠠᠨ ᠤ ᠴᠢᠬᠤᠯᠠ ᠪᠠᠯᠭᠠᠰᠤ᠂ ᠦᠪᠡᠷᠮᠢᠴᠠ ᠤᠨᠴᠠᠯᠢᠬᠳᠤ ᠵᠢᠵᠢᠭ ᠪᠠᠯᠭᠠᠰᠤ ᠶᠢ ᠬᠦᠴᠦᠯᠡᠨ ᠪᠠᠶᠢᠭᠤᠯᠤᠨ᠎ᠠ᠃    ᠰᠠᠭᠤᠷᠢ ᠪᠦᠳᠦᠭᠡᠨ ᠪᠠᠶᠢᠭᠤᠯᠤᠯᠲᠠ ᠶᠢᠨ ᠰᠢᠨ᠎ᠠ ᠲᠦᠷᠤᠯ ᠵᠤᠶᠢᠯ ᠢ ᠲᠦᠷᠭᠡᠳᠭᠡᠨ ᠪᠠᠶᠢᠷᠢᠯᠠᠭᠤᠯᠵᠤ᠂ 5G᠎ ᠶᠢᠨ ᠰᠠᠭᠤᠷᠢ ᠦᠷᠳᠡᠭᠡ ᠶᠢ 1000᠎ ᠠᠴᠠ ᠳᠡᠭᠡᠭᠰᠢ ᠪᠦᠳᠦᠭᠡᠨ ᠪᠠᠶᠢᠭᠤᠯᠤᠨ᠎ᠠ᠃ ᠤᠷᠳᠤᠰ ᠠᠴᠠ ᠲᠡᠮᠡᠭᠡᠲᠦ ᠭᠦᠷᠭᠦ ᠲᠡᠭᠡᠳᠤ ᠬᠤᠷᠳᠤᠴᠠᠳᠤ ᠳᠡᠮᠤᠷ ᠵᠠᠮ ᠤᠨ ᠪᠠᠷᠢᠯᠭ᠎ᠠ ᠶᠢ ᠡᠬᠢᠯᠡᠭᠦᠯᠤᠨ ᠪᠦᠳᠤᠭᠡᠨ ᠪᠠᠶᠢᠭᠤᠯᠬᠤ ᠶᠢ ᠠᠬᠢᠭᠤᠯᠵᠤ᠂ ᠪᠤᠭᠤᠲᠤ ᠠᠴᠠ ᠤᠷᠳᠤᠰ ᠭᠦᠷᠭᠦ ᠲᠡᠭᠡᠳᠤ ᠬᠤᠷᠳᠤᠴᠠᠳᠤ ᠳᠡᠮᠤᠷ ᠵᠠᠮ᠂ ᠬᠥᠬᠡᠬᠤᠲᠠ ᠠᠴᠠ ᠤᠷᠳᠤᠰ ᠭᠦᠷᠭᠦ ᠬᠤᠳᠠ ᠠᠯᠤᠰᠯᠠᠭᠰᠡᠨ ᠳᠡᠮᠤᠷ ᠵᠠᠮ᠂ ᠤᠷᠳᠤᠰ ᠠᠴᠠ ᠲᠡᠮᠡᠭᠡᠲᠦ᠂ ᠰᠢᠨ ᠵᠸᠤ ᠭᠦᠷᠭᠦ ᠲᠡᠭᠡᠳᠤ ᠬᠤᠷᠳᠤᠴᠠᠳᠤ ᠳᠡᠮᠤᠷ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠤᠳᠤᠭ ᠤᠨ ᠡᠮᠦᠨᠡᠲᠦ ᠬᠤᠰᠢᠭᠤ ᠠᠴᠠ ᠱᠠᠩᠬᠠᠶ ᠶᠢᠨ ᠰᠦᠮ᠎ᠡ ᠬᠦᠷᠬᠦ ᠵᠡᠷᠭᠡ ᠨᠢᠭᠡ ᠪᠦᠯᠦᠭ ᠭᠤᠣᠯ ᠱᠤᠭᠤᠮ ᠳᠡᠮᠤᠷ ᠵᠠᠮ ᠢ ᠪᠦᠳᠦᠬᠡᠨ ᠪᠠᠶᠢᠭᠤᠯᠤᠨ᠎ᠠ᠃ ᠨᠠᠷᠠᠰᠤᠨ ᠠᠴᠠ ᠯᠦᠩ ᠺᠸᠦ ᠬᠥᠷᠬᠦ ᠲᠡᠭᠡᠳᠤ ᠬᠤᠷᠳᠤᠴᠠᠳᠤ ᠵᠠᠰᠠᠮᠠᠯ ᠵᠠᠮ ᠢ ᠡᠬᠢᠯᠡᠭᠦᠯᠤᠨ ᠪᠠᠶᠢᠭᠤᠯᠵᠤ᠂ ᠲᠡᠭᠡᠷᠡᠮ᠎ᠡ ᠶᠢᠨ ᠰᠢᠯᠢ ᠠᠴᠠ ᠶᠤᠸᠠᠢ ᠵᠢᠶᠠ ᠬᠤᠤ ᠬᠥᠷᠬᠦ ᠨᠢᠭᠡᠳᠦᠭᠡᠷ ᠳᠡᠰ᠂ ᠭᠦᠨᠴᠢᠷᠭ᠎ᠠ ᠠᠴᠠ ᠤᠯᠠᠭᠠᠨᠪᠠᠯᠭᠠᠰᠤ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠥᠲᠥᠭᠡᠨ ᠪᠠᠶᠢᠭᠤᠯᠤᠨ᠎ᠠ᠃ ᠣᠲᠤᠭ ᠬᠤᠰᠢᠭᠤ᠂ ᠦᠦᠰᠢᠨ ᠬᠤᠰᠢᠭᠤ ᠵᠡᠷᠭᠡ ᠨᠠᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠬᠠᠲᠤᠨ ᠭᠤᠣᠯ ᠤᠨ ᠡᠯᠡᠰᠦ ᠬᠠᠶᠢᠷ ᠢ ᠬᠠᠰᠢᠬᠤ ᠵᠡᠷᠭᠡ ᠤᠰᠤᠨ ᠠᠰᠢᠭᠯᠠᠯᠲᠠ ᠶᠢᠨ ᠭᠤᠤᠯᠳᠠᠯᠭ᠎ᠠ ᠲᠠᠢ ᠪᠠᠷᠢᠯᠭ᠎ᠠ ᠶᠢ ᠬᠡᠷᠡᠭᠵᠢᠭᠦᠯᠵᠦ᠂ ᠬᠠᠲᠤᠨ ᠭᠤᠣᠯ ᠤᠨ ᠠᠮᠤᠷ ᠲᠦᠪᠰᠢᠨ ᠢ ᠪᠠᠲᠤᠯᠠᠨ᠎ᠠ᠃   ︵ᠶᠢᠰᠦ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠤᠨ᠎ᠠ᠃    ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠤᠭ᠍ᠰᠠᠳ᠂ ᠭᠦᠴᠤ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠤᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠮᠵᠢᠭᠦ ᠭᠦᠴᠤᠯᠠᠴᠠ ᠶᠢ ᠨᠡᠮᠡᠭᠳᠡᠭᠦᠯᠵᠤ᠂ ᠬᠤᠳᠠ ᠪᠠᠯᠭᠠᠰᠤᠨ ᠤ 2 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠤᠯᠭᠤᠨ᠎ᠠ᠃ ᠠᠵᠢᠯ ᠠᠯᠳᠠᠯᠳᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠤᠷᠮ᠎ᠠ ᠶᠢ ᠱᠠᠳᠤᠴᠢ ᠴᠢᠨᠠᠷᠲᠠᠶ ᠪᠠᠷ ᠪᠠᠭᠤᠷᠠᠭᠤᠯᠬᠤ᠂ ᠠᠵᠢᠯ ᠠᠯᠳᠠᠯᠳᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯᠳᠠᠨ ᠤ ᠠᠵᠢᠯ ᠤᠨ ᠪᠠᠶᠢᠷᠢᠨ ᠳᠠᠬᠢ ᠪᠤᠯᠪᠠᠰᠤᠷᠠᠯ ᠤᠨ ᠨᠦᠭᠦᠪᠤᠷᠢ ᠶᠢᠨ ᠲᠦᠷᠤ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬᠢᠶᠠᠯᠠᠭ᠎ᠠ ᠶᠢᠨ ᠬᠡᠯᠪᠡᠷᠢ᠂ ᠴᠢᠭᠯᠡᠯᠳᠤ ᠬᠡᠯᠪᠡᠷᠢ᠂ ᠠᠵᠢᠯ ᠎ ᠤᠨ ᠪᠠᠶᠢᠷᠢ ᠲᠣᠭᠲᠠᠭᠠᠬᠤ ᠬᠡᠯᠪᠡᠷᠢ ᠶᠢᠨ ᠪᠤᠯᠪᠠᠰᠤᠷᠠᠯ ᠢ ᠥᠷᠨᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠰᠢᠯᠵᠢᠭᠦᠯᠤᠨ ᠠᠵᠢᠯ ᠤᠯᠭᠤᠬᠤ ᠶᠢ ᠠᠬᠢᠭᠤᠯᠤᠨ᠎ᠠ᠃    ᠴᠢᠨᠠᠷᠯᠢᠭ ᠰᠤᠷᠭᠠᠨ ᠬᠥᠮᠦᠵᠢᠯ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠤᠰᠤ ᠰᠤᠷᠳᠠᠬᠤᠨ ᠢᠶᠠᠷ ᠭᠦᠮᠤᠨ ᠢ ᠭᠦᠮᠤᠵᠢᠭᠦᠯᠭᠦ ᠶᠢ ᠪᠠᠷᠢᠮᠲᠠᠯᠠᠵᠤ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠠᠭᠤᠷᠢ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ︽ᠨᠢᠭᠡ ᠵᠢᠩᠬᠢᠨᠢ ᠭᠤᠷᠪᠠᠨ ᠲᠤᠰᠬᠠᠶ ᠮᠡᠷᠭᠡᠵᠢᠯ︾ ᠵᠡᠷᠭᠡ ᠰᠤᠷᠭᠠᠭᠤᠯᠢ ᠶᠢᠨ ᠭᠦᠷᠢᠶ᠎ᠠ ᠪᠠᠶᠢᠷᠢ ᠶᠢ ᠰᠡᠯᠪᠢᠨ ᠵᠠᠰᠠᠵᠤ ᠳᠡᠭᠡᠭᠰᠢᠯᠡᠭᠦᠯᠬᠦ ᠪᠠᠷᠢᠯᠭ᠎ᠠ᠂ 35 ᠳᠤᠮᠳᠠᠳᠤ ᠪᠠᠭ᠎ᠠ ᠰᠤᠷᠭᠠᠭᠤᠯᠢ ᠬᠡᠦᠬᠡᠳ ᠎ ᠤᠨ ᠴᠡᠴᠡᠷᠯᠢᠭ ᠢ ᠰᠢᠨ᠎ᠡ ᠪᠠᠷ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠬᠤ ᠪᠠᠷᠢᠯᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠦᠭᠡᠮᠡᠯᠵᠢᠭᠦᠯᠭᠦ ᠠᠵᠢᠯ ᠢ ᠭᠦᠨᠵᠡᠭᠡᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠬᠡᠮᠡᠯᠵᠢᠭᠦᠯᠬᠦ ᠶᠢ ᠲᠦᠷᠭᠡᠳᠬᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠣᠨᠴᠠᠭᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠤ᠂ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ︽ᠣᠷᠳᠣᠰ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠵᠢᠭᠠᠨ ᠰᠤᠷᠭᠠᠯᠲᠠ ᠎ ᠶᠢᠨ ᠬᠢᠷᠢ ᠲᠡᠩᠴᠡᠯᠳᠠ ᠶᠢ ᠦᠨᠡᠯᠡᠨ ᠵᠢᠱᠢᠬᠦ ᠠᠵᠢᠯ ᠢ ᠠᠬᠢᠭᠤᠯᠤᠨ᠎ᠠ᠃ ︽ᠲᠠᠪᠤᠨ ᠬᠥᠮᠦᠵᠢᠯ︾᠎ ᠢ ᠵᠡᠷᠭᠡᠪᠡᠷ ᠴᠢᠬᠤᠯᠠᠴᠢᠯᠠᠬᠤ ᠬᠥᠮᠦᠵᠢᠭᠦᠯᠬᠦ ᠲᠤᠭᠳᠠᠯᠴᠠᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠦᠬᠡᠳ ᠢ ᠪᠠᠶᠠᠷ ᠪᠠᠶᠠᠰᠬᠤᠯᠠᠩ ᠲᠠᠢ ᠡᠷᠡᠭᠦᠯ ᠢᠶᠠᠷ ᠥᠰᠬᠡᠨ ᠪᠤᠶᠢᠵᠢᠭᠤᠯᠤᠨ᠎ᠠ᠃    ᠡᠮᠴᠢᠯᠡᠭᠡᠨ ᠤ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠤᠨ᠎ᠠ᠃ ᠡᠪᠡᠳᠴᠢᠨ ᠡᠮᠭᠡᠭ ᠢ ᠤᠷᠢᠳᠴᠢᠯᠡᠨ ᠰᠠᠷᠬᠡᠶᠢᠯᠡᠵᠤ ᠡᠵᠡᠮᠳᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠭᠤᠷᠪᠠᠨ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ︾᠎ ᠶᠢ ᠠᠬᠢᠭᠤᠯᠵᠤ᠂ ︽ᠴᠢᠨᠠᠷ ᠰᠠᠶᠢᠳᠠᠢ ᠤᠶᠢᠯᠡᠴᠢᠯᠡᠭᠡ ᠶᠢ ᠦᠨᠳᠤᠰᠤᠨ ᠱᠠᠳᠤᠨ ᠳᠤ ᠭᠦᠷᠭᠡᠭᠦ︾ ᠠᠵᠢᠯᠯᠠᠭ᠎ᠠ ᠶᠢ ᠥᠷᠨᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠤᠩᠭᠤᠯ ᠬᠢᠳᠠᠳ ᠡᠮᠨᠡᠯᠭᠡ ᠶᠢᠨ ᠡᠷᠡᠭᠦᠯ ᠢᠶᠠᠷ ᠭᠦᠭᠵᠢᠭᠦ ᠶᠢ ᠠᠬᠢᠭᠤᠯᠤᠨ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠤᠲᠠ ᠶᠢᠨ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢᠨ ᠳ᠋ᠦᠩᠱᠧᠩ ᠤᠨ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠲᠥᠪ ᠤᠨ ᠲᠤᠷᠰᠢᠯᠲᠠ ᠶᠢᠨ ᠲᠠᠰᠤᠭ ᠢ ᠥᠷᠭᠡᠳᠬᠡᠨ ᠪᠠᠶᠢᠭᠤᠯᠬᠤ᠂ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠶᠢ ᠡᠮᠨᠡᠭᠦ ᠡᠭᠦᠳᠡᠨ ᠡᠮᠨᠡᠯᠭᠡ ᠶᠢᠨ ᠠᠰᠠᠷ ᠢ ᠰᠢᠨ᠎ᠠ ᠪᠠᠷ ᠪᠠᠶᠢᠭᠤᠯᠬᠤ ᠵᠡᠷᠭᠡ ᠲᠦᠷᠤᠯ ᠵᠤᠶᠢᠯ ᠢ ᠬᠡᠷᠡᠭᠵᠢᠭᠦᠯᠤᠨ᠎ᠠ᠃ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠳᠠ ᠶᠢᠨ ᠱᠠᠳᠤᠨ ᠠᠴᠠ ᠨᠢᠭᠡᠳᠤᠯᠳᠠᠢ ᠬᠤᠷᠢᠶᠠᠨ᠂ ᠨᠢᠭᠡᠳᠤᠯᠳᠠᠢ ᠦᠭᠭᠦ ᠠᠵᠢᠯ ᠢ ᠰᠠᠶᠢᠳᠤᠷ ᠬᠢᠵᠤ᠂ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦ ᠶᠢᠨ ᠬᠢᠨᠡᠨ ᠬᠠᠮᠢᠶᠠᠷᠤᠯᠳᠠ ᠶᠢ ᠴᠢᠩᠭᠠᠳᠬᠠᠨ᠎ᠠ᠃ ᠡᠮᠴᠢᠯᠡᠭᠡᠨ ᠤ ᠤᠶᠢᠯᠡᠴᠢᠯᠡᠭᠡ ᠎ ᠶᠢᠨ ᠦᠨ᠎ᠠ ᠬᠠᠩᠰᠢ ᠶᠢᠨ ᠦᠭᠡᠷᠡᠴᠢᠯᠠᠯᠳᠠ ᠪᠠ ᠡᠮᠨᠡᠯᠭᠡ ᠶᠢᠨ ᠳᠠᠭᠠᠳᠬᠠᠯ ᠤᠨ ᠦᠭᠭᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ ᠵᠤᠶᠢᠯᠡᠰ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠤᠭ᠎ᠠ ᠪᠠᠷ ᠬᠤᠳᠠᠯᠳᠤᠨ ᠠᠪᠬᠤ ᠶᠢ ᠪᠥᠬᠦ ᠲᠠᠯ᠎ᠠ ᠪᠠᠷ ᠬᠡᠷᠡᠭᠵᠢᠭᠦᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠠᠰᠠᠷᠠᠮᠵᠢ ᠶᠢ ᠬᠥᠭᠵᠢᠭᠦᠯᠦᠨ᠎ᠡ᠃ ᠴᠡᠷᠢᠭ ᠎ ᠠᠴᠠ ᠬᠠᠯᠠᠭᠳᠠᠭᠰᠠᠳ ᠤᠨ ᠠᠵᠢᠯ ᠤᠨ ᠲᠤᠭᠳᠠᠯᠴᠠᠭ᠎ᠠ ᠪᠠ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠰᠠᠶᠢᠲᠤᠷ ᠬᠢᠨ᠎ᠠ᠃   ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠠᠴᠢᠯᠡᠨ᠎ᠡ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠮ ᠬᠠᠷᠢᠯᠴᠠᠭ᠎ᠠ᠂ ᠨᠡᠭᠦᠷᠡᠰᠦᠨ ᠠᠭᠤᠷᠬᠠᠶ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠭᠦᠷᠢᠶ᠎ᠠ ᠴᠠᠷᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠶᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠶ ᠎ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠎ ᠢ ᠠᠷᠭᠠᠴᠠᠬᠤ ᠲᠥᠬᠦᠭᠡᠷᠦᠮᠵᠢ ᠲᠣᠨᠣᠭᠯᠠᠯ ᠤᠨ ᠪᠦᠳᠤᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠤᠶᠢᠯᠡᠰ ᠤᠨ ᠬᠢᠨᠡᠨ ᠬᠠᠮᠢᠶᠠᠷᠤᠯᠲᠠ ᠶᠢ ᠴᠢᠩᠳᠠᠯᠠᠵᠤ᠂ ᠠᠶᠤᠯᠭᠦᠢ ᠶᠢ ᠪᠠᠳᠤᠯᠠᠨ᠎ᠠ᠃ ︽ᠤᠮᠠᠷᠠᠲᠤ ᠬᠢᠯᠢ ᠶᠢᠨ ᠡᠭᠦᠯᠡᠨ · ᠤᠶᠤᠨᠴᠢ ᠳᠣᠲᠣᠭᠠᠳᠤ ᠶᠢ ᠬᠠᠮᠠᠭᠠᠯᠠᠬᠤ︾᠎ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠦᠷᠭᠦᠯᠵᠢᠯᠡᠨ ᠠᠬᠢᠭᠤᠯᠵᠤ᠂ ︽ᠣᠷᠳᠣ ᠬᠤᠭᠤᠴᠠᠭ᠎ᠠ ᠶᠢᠨ ᠪᠦᠲᠦᠮᠵᠢᠲᠡᠶ ᠪᠠᠶᠢᠩᠭᠤᠵᠢᠭᠰᠠᠨ ᠵᠠᠰᠠᠯᠲᠠ︾᠎ ᠶᠢ ᠴᠢᠷᠮᠠᠶᠢᠨ ᠪᠡᠶᠡᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠲᠠᠪᠬᠤᠴᠠᠭᠰᠡᠨ ᠵᠠᠬᠢᠳᠠᠯ ᠰᠤᠷᠪᠤᠯᠵᠢᠯᠠᠭ᠎ᠠ ᠶᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠣᠤᠷᠵᠢᠭᠤᠯᠤᠭᠰᠠᠨ ᠬᠠᠮᠢᠶᠠᠷᠤᠯᠲᠠ ᠤᠶᠢᠯᠡᠴᠢᠯᠡᠭᠡ ᠶᠢ ᠴᠢᠩᠭᠠᠳᠬᠠᠨ᠂ ᠪᠥᠬᠦ ᠤᠯᠤᠰ ᠎ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠰᠢᠯᠢᠳᠡᠭ ᠬᠤᠲᠠ ᠶᠢ ᠴᠢᠷᠮᠠᠶᠢᠨ ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠷᠳᠣᠰ ᠤᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ᠃   ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠪᠣᠯ ᠬᠥᠭᠵᠢᠯᠲᠡ ᠳᠠᠪᠰᠢᠯᠲᠠ ᠶᠢᠨ ᠰᠠᠭᠤᠷᠢ ᠮᠦᠨ᠂ ᠡᠯ᠎ᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠪᠤᠯᠤᠨ᠎ᠠ᠃ ᠪᠢᠳᠡ ᠦᠨᠳᠦᠰᠦᠲᠡᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠤᠨ᠂ ᠡᠯ᠎ᠡ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠵᠥᠪ ᠣᠨᠣᠪᠴᠢᠲᠠᠶ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠤᠬᠡ ᠶᠢᠨ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠶ ᠪᠣᠯᠭᠠᠵᠤ᠂  ᠡᠯ᠎ᠡ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ ᠱᠤᠭᠤᠵᠤ᠂ ︽ᠭᠤᠷᠪᠠᠨ ᠰᠠᠯᠵᠤ ᠴᠢᠳᠠᠬᠤ ᠥᠬᠡᠶ︾ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠴᠢᠰᠤᠨ ᠳᠤ ᠠᠭᠤᠰᠤᠯᠴᠠᠭᠤᠯᠵᠤ᠂ ᠡᠯ᠎ᠠ ᠦᠨᠳᠦᠰᠦᠲᠡᠨ ᠨᠦᠭᠦᠳ ᠠᠨᠠᠷ ᠤᠨ ᠦᠷ᠎ᠡ ᠮᠡᠳᠤ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃    ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ    ᠲᠥᠯᠥᠭᠡᠯᠡᠭᠴᠢᠳ ᠡ︕ ᠪᠢᠳᠠ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ ᠬᠤᠭᠤᠴᠠᠭᠠᠨ ᠳᠤ ᠤᠷᠤᠰᠢᠵᠤ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠤ ᠡᠮᠦᠨ᠎ᠡ᠂ ᠯᠠᠪᠲᠠᠢ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃   ᠳᠤᠭ ᠳᠡᠮᠳᠡᠭ ᠳᠤᠳᠤᠷᠬᠠᠢ ᠪᠠᠷ ᠤᠯᠤᠰ ᠳᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠦᠢᠯᠠᠭᠠᠵᠦ ᠪᠤᠳᠠᠳᠠᠶᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ︽ᠳᠥᠷᠪᠡᠨ ᠦᠵᠡᠯ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠃ ᠬᠡᠬᠦᠳᠡᠭ ᠴᠡᠬᠡᠵᠢᠨ ᠳᠡᠭᠡᠨ ᠢᠮᠠᠭᠳᠠ ︽ᠤᠯᠤᠰ ᠎ ᠤᠨ ᠶᠡᠭᠡ ᠲᠠᠯ᠎ᠠ︾᠎ ᠶᠢ ᠪᠠᠭᠳᠠᠭᠠᠵᠣ᠂ ᠤᠯᠤᠰ ᠳᠦᠷᠦ ᠶᠢᠨ ᠲᠠᠯ᠎ᠠ ᠠᠴᠠ ᠠᠰᠠᠭᠤᠳᠠᠯ ᠢ ᠰᠡᠳᠬᠢᠨ᠂ ᠰᠤᠳᠤᠯᠬᠤ᠂ ᠰᠢᠢᠳᠪᠤᠷᠢᠯᠡᠬᠦ ᠳᠤ ᠪᠠᠨ ᠴᠢᠳᠠᠮᠠᠭᠠᠢ ᠪᠠᠶᠢᠵᠦ᠂ ᠤᠯᠤᠰ ᠳᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠳᠦᠷᠦ ᠶᠢᠨ ᠤᠬᠠᠵᠣ ᠮᠡᠳᠡᠬᠦ ᠴᠢᠳᠠᠪᠤᠷᠢ᠂ ᠤᠯᠤᠰ ᠳᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠦ᠂ ᠦᠵᠡᠯ ᠤᠬᠠᠮᠰᠠᠷ ᠎ ᠤᠨ ᠬᠡᠯᠪᠡᠷᠢ ᠶᠢᠨ ᠠᠵᠢᠯ ᠢ ᠴᠢᠩᠭᠠᠳᠬᠠᠨ᠂ ᠤᠯᠤᠰ ᠳᠦᠷᠦ ᠶᠢᠨ ᠰᠠᠬᠢᠯᠭ᠎ᠠ ᠪᠠᠳᠤ᠂ ᠤᠯᠤᠰ ᠳᠦᠷᠦ ᠶᠢᠨ ᠶᠤᠰᠤ ᠳᠦᠷᠢᠮ ᠢ ᠴᠢᠩᠳᠠᠯᠠᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠢᠶᠠᠨ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠤᠯᠤᠰ ᠳᠦᠷᠦ ᠶᠢᠨ ᠬᠡᠪ ᠴᠢᠨᠠᠷ ᠢ ᠤᠬᠠᠮᠰᠠᠷ ᠠᠴᠠ ᠎ ᠪᠠᠨ ᠳᠠᠪᠳᠡᠨ ᠪᠤᠯᠪᠠᠰᠤᠷᠠᠭᠤᠯᠤᠨ᠎ᠠ᠃   ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠡᠷᠡᠰ ᠲᠤᠤᠱᠯᠠᠭᠤᠯᠵᠦ᠂ ᠬᠠᠤᠯᠢ ᠴᠠᠭᠠᠵᠠ ᠶᠢ  ᠡᠷᠬᠢᠮᠯᠡᠬᠦ ᠶᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ ᠪᠠᠨ ᠰᠢᠳᠤᠷᠭᠤ ᠪᠠᠷ ᠭᠦᠢᠴᠡᠳᠬᠡᠨ᠂ ᠵᠠᠰᠠᠭ ᠤᠨ ᠣᠷᠳᠣᠨ ᠤ ᠠᠵᠢᠯᠳᠠᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠯᠳᠠ ᠪᠠ ᠠᠵᠢᠯ ᠤᠨ ᠬᠢᠨᠠᠯᠲᠠ ᠲᠠᠯᠪᠢᠯᠳᠠ ᠶᠢ ᠬᠠᠤᠯᠢ ᠶᠣᠰᠣᠭᠠᠷ ᠬᠦᠯᠢᠶᠡᠨ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠎ ᠢᠶᠠᠷ ᠬᠢᠨᠠᠯᠳᠡ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠵᠠᠰᠠᠭ ᠤᠨ ᠤᠷᠳᠤᠨ ᠤ ᠠᠵᠢᠯ ᠢ ᠨᠠᠩ ᠢᠯᠡ ᠲᠣᠳᠣ ᠪᠣᠯᠭᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠲᠥᠷᠥ ᠶᠢᠨ ᠠᠮᠢ ᠠᠬᠤᠶ ᠶᠢ ᠴᠢᠨᠠᠭᠰᠢᠳᠠ ᠴᠡᠪᠡᠷᠰᠢᠭᠦᠯᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃   ᠥᠨᠳᠥᠷ ᠪᠦᠳᠦᠮᠵᠢᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠪᠦᠬᠦᠯᠢ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠬᠤᠲᠠ ᠪᠠ ᠬᠤᠰᠢᠭᠤ ᠲᠣᠭᠤᠷᠢᠭ᠂ ᠰᠠᠯᠠᠭ᠎ᠠ ᠮᠥᠴᠢᠷ ᠪᠠ ᠬᠤᠰᠢᠭᠤ ᠲᠣᠭᠤᠷᠢᠭ ᠤᠨ ᠬᠠᠷᠢᠴᠠᠭ᠎ᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠬᠡᠷᠡᠭᠵᠢᠭᠦᠯᠦᠯᠲᠡ ᠨᠢ ᠭᠦᠴᠦᠨ ᠲᠠᠢ᠂ ᠬᠠᠮᠵᠢᠯᠴᠠᠯ ᠨᠢ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠠᠵᠢᠯ ᠢ ᠲᠥᠷᠥᠯ ᠵᠦᠢᠯᠵᠢᠬᠦᠯᠬᠦ ᠂ ᠲᠥᠷᠥᠯ ᠵᠦᠢᠯ ᠢ ᠨᠠᠷᠢᠨ ᠳᠠᠩᠰᠠᠵᠢᠭᠤᠯᠬᠤ᠂ ᠨᠠᠷᠢᠨ ᠳᠠᠩᠰᠠ ᠶᠢ ᠬᠠᠷᠢᠭᠤᠴᠠᠯᠭᠠᠵᠢᠭᠤᠯᠬᠤ ᠶᠢ ᠪᠠᠷᠢᠮᠳᠠᠯᠠᠵᠦ᠂ ᠠᠵᠤ ᠠᠬᠤᠶ ᠶᠢᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠠᠬᠢ ᠠᠰᠠᠭᠤᠳᠠᠯ ᠤᠨ ᠳᠤᠲᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠤᠷᠢᠯᠡᠨ᠎ᠡ᠃ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠰᠢᠪᠠᠳᠠᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠲᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠦᠢᠴᠡᠳᠬᠡᠬᠦ ᠶᠣᠰᠣᠲᠠᠢ ᠶᠠᠪᠤᠳᠠᠯ ᠢ ᠰᠢᠭᠤᠳ ᠰᠢᠯᠤᠭᠤᠬᠠᠨ ᠭᠦᠢᠴᠡᠳᠬᠡᠵᠣ᠂ ᠥᠨᠥᠳᠦᠷ ᠲᠡᠭᠡᠨ ᠭᠦᠢᠴᠡᠳᠬᠡᠵᠣ ᠳᠡᠶᠢᠯᠬᠦ ᠶᠠᠪᠤᠳᠠᠯ ᠢ ᠦᠨᠦᠳᠦᠷ ᠲᠡᠭᠡᠨ ᠭᠦᠢᠴᠡᠳᠬᠡᠵᠣ᠂ ᠶᠠᠪᠤᠳᠠᠯ ᠪᠦᠬᠦᠨ ᠢ ᠳᠠᠷᠤᠢ ᠳᠦᠷᠭᠡᠨ ᠭᠦᠢᠴᠡᠳᠬᠡᠵᠦ᠂ ᠵᠤᠶᠢᠯ ᠪᠦᠬᠦᠨ ᠨᠢ ᠦᠷ᠎ᠡ ᠳ᠋ᠦᠩ ᠲᠠᠢ ᠪᠠᠶᠢᠬᠤ ᠶᠢ ᠦᠨᠡᠨ ᠬᠦ ᠪᠠᠳᠤᠯᠠᠨ᠎ᠠ᠃   ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠦᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠤᠨ ᠠᠰᠠᠭᠤᠳᠠᠯ ᠢ ᠤᠷᠳᠤ ᠤᠳᠠᠭᠠᠨ ᠢᠶᠠᠷ ᠪᠠᠷᠢᠮᠳᠠᠯᠠᠨ ᠵᠠᠯᠠᠷᠠᠭᠤᠯᠤᠨ᠎ᠠ᠃ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠎ ᠶᠢᠨ ᠭᠤᠭᠴᠤᠭᠠᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠢᠯᠵᠠᠷᠠᠮᠠᠯ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠳᠬᠡᠨ᠎ᠡ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠤᠭᠳᠠᠯᠴᠠᠭ᠎ᠠ ᠶᠢ ᠲᠡᠭᠦᠯᠳᠡᠷᠵᠢᠭᠦᠯᠵᠦ᠂ ᠵᠣᠭᠤᠰ ᠵᠠᠷᠤᠪᠠᠯ ᠵᠠᠪᠠᠯ ᠦᠷ᠎ᠡ ᠪᠦᠲᠦᠮᠵᠢ ᠶᠢ ᠠᠰᠠᠭᠤᠬᠤ ᠂ ᠦᠷ᠎ᠠ ᠪᠦᠲᠦᠮᠵᠢ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠶᠢ ᠪᠡᠶᠡᠯᠡᠭᠦᠯᠵᠦ᠂ ᠨᠡᠩ ᠶᠡᠭᠡ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠡᠷᠡᠭᠯᠡᠬᠦ ᠪᠠᠷ ᠴᠢᠷᠮᠠᠶᠢᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠴᠥᠮ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠠᠵᠢᠯᠴᠢ ᠠᠷᠪᠢᠴᠢ ᠪᠠᠶᠢᠵᠦ᠂ ᠵᠠᠷᠤᠵᠤ ᠪᠣᠯᠬᠤ ᠦᠭᠡᠢ᠂ ᠵᠠᠷᠤᠬᠤ ᠴᠢᠬᠤᠯᠠ ᠦᠭᠡᠢ ᠪᠠ ᠲᠦᠷ ᠵᠠᠷᠤᠬᠤ ᠴᠢᠬᠤᠯᠠ ᠦᠭᠡᠢ ᠵᠣᠭᠤᠰ ᠢ ᠤᠭᠳᠤ ᠵᠠᠷᠤᠬᠤ ᠦᠭᠡᠢ ᠪᠠᠶᠢᠵᠤ᠂ ᠵᠠᠰᠠᠭ ᠤᠨ ᠣᠷᠳᠣᠨ ᠤ ︽ᠠᠷᠪᠢᠴᠢ ᠠᠮᠢᠳᠤᠷᠠᠯ︾᠎ ᠢᠶᠠᠷ ᠠᠷᠠᠳ ᠤᠯᠠᠨ ᠤ ︽ᠰᠠᠶᠢᠬᠠᠨ ᠠᠮᠢᠳᠤᠷᠠᠯ︾᠎ ᠢ ᠰᠣᠯᠢᠵᠤ ᠠᠪᠴᠢᠷᠠᠨ᠎ᠠ᠃    ᠲᠥᠯᠥᠭᠡᠯᠡᠭᠴᠢᠳ ᠡ︕ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠯᠠ ᠬᠦᠨᠳᠦ ᠨᠣᠴᠢᠲᠠᠢ ᠪᠠᠶᠢᠨ᠎ᠠ᠂ ᠪᠢᠳᠡ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠪᠣᠯᠤᠨ ︽ᠲᠦᠷᠪᠡᠨ ᠡᠷᠲᠡ︾᠎ ᠶᠢᠨ ᠱᠠᠭᠠᠷᠳᠠᠯᠭ᠎ᠠ ᠶᠢ ᠴᠢᠩᠭ᠎ᠠ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠠᠯᠲᠤ ᠴᠢᠨᠠᠷᠲᠠᠢ ᠠᠷᠭ᠎ᠠ ᠬᠡᠮᠵᠢᠶ᠎ᠡ ᠎ ᠪᠠᠷ ᠲᠤᠭᠳᠠᠪᠦᠷᠢᠳᠤ ᠪᠤᠰᠤ ᠬᠦᠴᠦᠨ ᠵᠦᠢᠯ ᠢ ᠠᠷᠭᠠᠴᠠᠬᠤ᠂ ᠬᠢᠵᠢᠭ ᠤᠨ ᠪᠠᠶᠢᠳᠠᠯ ᠲᠠᠬᠢᠨ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠶ᠎ᠠ︕    ᠲᠥᠯᠥᠭᠡᠯᠡᠭᠴᠢᠳ ᠡ︕ ᠪᠢᠳᠡ ᠪᠦᠬᠦ ᠬᠤᠲᠠ ᠶᠢᠨ 200 ᠭᠠᠷᠤᠶ ᠲᠦᠮᠡᠨ ᠡᠯ᠎ᠡ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠦᠯ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠪᠠᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠤᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢᠷᠭᠠᠭᠤ ᠬᠠᠳᠠᠭᠤᠵᠢᠯᠲᠠᠢ ᠪᠠᠷ ᠲᠡᠮᠡᠴᠡᠨ ᠠᠷᠠᠳ ᠲᠦᠮᠡᠨ ᠳᠤ ᠣᠶᠢᠯᠡᠴᠢᠯᠡᠬᠦ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠲᠡᠷᠢᠭᠦᠨ ᠲᠤᠬᠢᠶᠠᠯ ᠢ ᠪᠦᠬᠦ ᠭᠦᠴᠦᠨ ᠢᠶᠠᠷ ᠢᠶᠠᠨ ᠪᠤᠢ  ᠪᠤᠯᠭᠠᠨ᠂ ᠬᠦᠭᠵᠢᠯᠳᠡ ᠶᠢᠨ ᠰᠢᠨ᠎ᠡ ᠬᠠᠭᠤᠳᠠᠰᠤ ᠶᠢ ᠰᠦᠪᠡᠭᠴᠢᠯᠡᠨ᠂ ᠰᠢᠨ᠎ᠡ ᠪᠠᠶᠢᠳᠠᠯ ᠢ ᠨᠡᠭᠡᠭᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠰᠢᠯᠢᠳᠡᠭ ᠬᠢᠷᠢ ᠪᠦᠳᠦᠮᠵᠢ ᠪᠠᠷ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ  ᠰᠠᠶᠢᠬᠠᠨ ᠡᠬᠢᠯᠡᠭᠦᠯᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠎ ᠶᠢ ᠪᠡᠯᠭᠡᠯᠡᠶ᠎ᠡ︕                   ᠨᠡᠷ᠎ᠡ ᠦᠬᠡᠰ ᠤᠨ ᠲᠠᠶᠢᠯᠪᠤᠷᠢ    ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ᠂ ᠮᠥᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠣᠭᠤᠯᠤᠯᠲᠠ᠂ ᠵᠢᠱᠢᠯᠲᠡ ᠶᠢ ᠲᠣᠭᠲᠠᠪᠤᠷᠢᠵᠢᠭᠤᠯᠬᠤ᠃ ᠵᠢᠷᠭᠤᠭ᠎ᠠ ᠶᠢ ᠪᠠᠳᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ᠂ ᠠᠷᠠᠳ ᠤᠨ ᠦᠨᠳᠦᠰᠦᠨ ᠠᠮᠢᠳᠤᠷᠠᠯ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠠᠮᠤ ᠪᠣᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠭᠳᠠᠭᠤᠨ᠂ ᠦᠨᠳᠦᠰᠦᠨ ᠱᠠᠲᠤᠨ ᠤ ᠡᠷᠬᠢᠯᠳᠡ ᠶᠢ ᠪᠠᠲᠤᠯᠠᠬᠤ᠃ ᠳᠥᠷᠪᠡᠨ ᠡᠷᠲᠡ ᠶᠢᠨ ᠱᠠᠭᠠᠷᠳᠠᠯᠭ᠎ᠠ᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠭᠦᠯᠬᠦ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ︽ᠭᠤᠷᠪᠠᠨ ᠡᠬᠡ ᠲᠠᠩᠰᠠ︾᠄ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ᠂ ᠡᠷᠦᠬᠡ ᠳᠤ ᠬᠦᠷᠬᠦ ᠲᠥᠷᠥᠯ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠬᠡ ᠲᠠᠩᠰᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ᠄ ︽ᠰᠦᠪᠡᠭᠴᠢ ᠶᠢ ᠴᠡᠪᠡᠷᠯᠡᠬᠦ︾ ᠠᠵᠢᠯᠯᠠᠭ᠎ᠠ᠂ ︽ᠤᠷᠭᠤᠳᠠᠭᠤᠯ ᠬᠡᠷᠡᠭᠲᠠᠨ ᠢ ᠴᠡᠪᠡᠷᠯᠡᠬᠦ︾ ᠠᠵᠢᠯᠯᠠᠭ᠎ᠠ᠂ ︽ᠬᠡᠷᠡᠭ ᠢ ᠴᠡᠪᠡᠷᠯᠡᠬᠦ︾ ᠠᠵᠢᠯᠯᠠᠭ᠎ᠠ᠂ ︽ᠦᠮᠦᠭ ᠲᠦᠰᠢᠭ ᠢ ᠴᠡᠪᠡᠷᠯᠡᠬᠦ︾ ᠠᠵᠢᠯᠯᠠᠭ᠎ᠠ᠂ ︽ᠬᠠᠤᠯᠢ ᠪᠤᠰᠤ ᠤᠯᠵᠠ ᠎ ᠶᠢ ᠴᠡᠪᠡᠷᠯᠡᠬᠦ︾ ᠠᠵᠢᠯᠯᠠᠭ᠎ᠠ᠂ ︽ᠠᠵᠢᠯ ᠲᠦᠷᠦᠯ ᠤᠨ ᠦᠨᠳᠦᠰᠦᠨ ᠠᠴᠠ ᠨᠢ ᠴᠡᠪᠡᠷᠯᠡᠬᠦ︾ ᠠᠵᠢᠯᠯᠠᠭ᠎ᠠ᠃ ᠡᠨᠧᠷᠭᠢ ᠶᠢᠨ ᠬᠤᠷᠤᠭᠳᠠᠯ ᠤᠨ ᠬᠤᠶᠠᠷ ᠢ ᠬᠢᠵᠠᠭᠠᠷᠯᠠᠬᠤ᠄ ᠡᠨᠧᠷᠭᠢ ᠶᠢᠨ ᠬᠤᠷᠤᠭᠳᠠᠯ ᠤᠨ ᠡᠷᠴᠢᠮ ᠪᠠ ᠡᠨᠧᠷᠭᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠂ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ᠄ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠪᠤᠯ ᠮᠠᠨ ᠤ ᠤᠯᠤᠰ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠨᠡᠮᠡᠭᠳᠡᠭᠦᠯᠬᠦ ᠦᠬᠡᠢ ᠪᠤᠯᠭᠠᠵᠣ᠂ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠭᠠᠵᠢᠮ ᠢᠶᠠᠷ ᠪᠠᠭᠤᠷᠠᠭᠤᠯᠤᠨ᠎ᠠ︔ ᠨᠡᠭᠦᠷᠡᠰᠦᠲᠥ᠋ᠷᠥᠭᠴᠢ ᠶᠢᠨ ᠲᠠᠪᠬᠤᠷ ᠢᠰᠤᠯ ᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ ᠪᠣᠯ ᠮᠠᠨ ᠤ ᠤᠯᠤᠰ 2060 ᠵᠢᠯ ᠠᠴᠠ ᠡᠮᠦᠨ᠎ᠡ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠭᠠᠳᠠᠭᠰᠢᠯᠠᠭᠤᠯᠬᠤ ᠳᠤ ᠴᠢᠭᠯᠡᠭᠦᠯᠦᠨ᠂ ᠮᠣᠳᠣ ᠳᠠᠷᠢᠬᠤ᠂ ᠡᠨᠧᠷᠭᠢ ᠠᠷᠪᠢᠯᠠᠵᠤ ᠭᠠᠳᠠᠭᠰᠢᠯᠠᠭᠤᠯᠣᠯᠳᠠ ᠶᠢ ᠪᠠᠭᠠᠰᠬᠠᠬᠤ ᠵᠡᠷᠭᠡ ᠡᠯ᠎ᠡ ᠵᠣᠶᠢᠯ ᠤᠨ ᠠᠷᠭ᠎ᠠ ᠮᠠᠶ᠋ᠢᠭ ᠢᠶᠠᠷ ᠪᠦᠬᠦᠨ ᠢ  ᠦᠬᠡᠶᠢᠰᠬᠡᠨ᠎ᠡ᠃ ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ᠄ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠠᠮᠦᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ︔ ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠠᠶᠢᠭᠤᠯᠤᠨ᠎ᠠ︔ ᠮᠠᠨ ᠤ ᠤᠯᠤᠰ ᠤᠨ ᠤᠮᠠᠷᠠᠰᠢ ᠴᠢᠯᠤᠬᠡᠲᠠᠢ ᠶᠠᠪᠤᠯᠴᠠᠬᠤ ᠴᠢᠬᠤᠯᠠ ᠪᠠᠬᠢᠯᠡᠯᠲᠡ ᠶᠢ ᠪᠠᠶᠢᠭᠤᠯᠤᠨ᠎ᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ᠄ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠤᠤᠷ ᠬᠦᠨᠦᠬᠡᠯ ᠢ ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠪᠣᠬᠢᠷᠲᠤᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠃ ᠳᠥᠷᠪᠡ ᠶᠢ ᠬᠠᠶᠠᠬᠤ ᠥᠬᠡᠶ᠄ ᠶᠠᠳᠠᠭᠤ ᠠᠴᠠ ᠠᠩᠭᠢᠵᠢᠷᠠᠭᠰᠠᠨ ᠴᠣ᠋ ᠬᠠᠷᠢᠭᠤᠴᠠᠯᠭ᠎ᠠ ᠪᠠᠨ ᠬᠠᠶᠠᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠣ᠋ ᠲᠥᠷᠥ ᠶᠢᠨ ᠪᠣᠳᠣᠯᠭ᠎ᠠ ᠪᠠᠨ ᠲᠠᠰᠤᠯᠳᠠᠭᠤᠯᠬᠤ ᠦᠬᠡᠢ᠂ ᠶᠠᠳᠠᠭᠤ ᠠᠴᠠ ᠠᠩᠭᠢᠵᠢᠷᠠᠭᠰᠠᠨ ᠴᠣ᠋ ᠬᠠᠪᠰᠤᠷᠤᠨ ᠲᠡᠳᠬᠦᠬᠦ ᠪᠠᠨ ᠪᠤᠯᠢᠬᠤ ᠥᠬᠡᠶ᠂ ᠶᠠᠳᠠᠭᠤ ᠠᠴᠠ ᠠᠩᠭᠢᠵᠢᠷᠠᠭᠰᠠᠨ ᠴᠣ᠋ ᠬᠢᠨᠠᠨ ᠬᠠᠮᠢᠶᠠᠷᠤᠯᠲᠠ ᠪᠠᠨ ᠰᠤᠯᠠᠷᠠᠭᠤᠯᠬᠤ ᠥᠬᠡᠶ᠃ ᠳᠥᠷᠪᠡᠨ ᠪᠦᠰᠡ ᠨᠢᠭᠡ ᠣᠷᠣᠨ᠄ ᠬᠠᠲᠤᠨ ᠭᠤᠤᠯ ᠳᠠᠭᠠᠤ ᠶᠢᠨ ᠥᠩᠭᠡ ᠦᠵᠡᠮᠵᠢ ᠶᠢᠨ ᠵᠢᠭᠤᠯᠴᠢᠯᠠᠯ ᠤᠨ ᠪᠦᠰᠡ᠂ ᠡᠯᠡᠰᠦᠨ ᠴᠥᠯ ᠤᠨ ᠠᠮᠢ ᠠᠬᠤᠶ ᠶᠢᠨ ᠵᠢᠭᠤᠯᠴᠢᠯᠠᠯ ᠤᠨ ᠪᠦᠰᠡ᠂ ᠲᠠᠯ᠎ᠠ ᠨᠤᠲᠤᠭ ᠤᠨ ᠦᠨᠳᠦᠰᠦᠲᠡᠨ ᠤ ᠵᠠᠩ ᠠᠭᠠᠯᠢ ᠶᠢᠨ ᠪᠦᠰᠡ᠂ ᠬᠤᠪᠢᠰᠬᠠᠯᠳᠤ ᠵᠢᠭᠤᠯᠴᠢᠯᠠᠯ ᠤᠨ ᠪᠦᠰᠡ ᠪᠠ ᠳ᠋ᠦᠩᠱᠧᠩ ᠠᠯᠳᠠᠨᠰᠢᠷᠡᠬᠡᠳᠤ ᠬᠢᠶ᠎ᠡ ᠪᠠᠭᠰᠢ ᠪᠠᠷ ᠭᠤᠤᠯ ᠪᠣᠯᠭᠠᠭᠰᠠᠨ ᠬᠤᠲᠠ ᠶᠢᠨ ᠰᠡᠯᠡᠭᠦᠴᠡᠯ ᠠᠮᠠᠷᠠᠯᠲᠠ ᠶᠢᠨ ᠣᠷᠣᠨ᠃ ᠵᠢᠭᠤᠯᠴᠢᠯᠠᠯ ᠤᠨ ᠰᠢᠨ᠎ᠡ IP᠄ ᠵᠢᠭᠤᠯᠴᠢᠯᠠᠯ ᠤᠨ ᠴᠡᠭ ᠤᠨ ᠵᠢᠷᠤᠭ ᠲᠥᠯᠥᠪᠯᠡᠭᠡ᠂ ᠵᠢᠭᠤᠯᠴᠢᠯᠠᠯ ᠤᠨ ᠱᠤᠭᠤᠮ ᠤᠨ ᠲᠣᠬᠢᠷᠠᠭᠤᠯᠤᠯᠲᠠ᠂ ᠵᠢᠭᠤᠯᠴᠢᠯᠠᠯ ᠤᠨ ᠦᠵᠡᠮᠵᠢ ᠤᠷᠤᠨ ᠢ ᠪᠣᠶ ᠪᠣᠯᠭᠠᠬᠤ᠂ ᠵᠢᠭᠤᠯᠴᠢᠯᠠᠯ ᠤᠨ ᠵᠣᠷᠢᠭᠰᠠᠨ ᠭᠠᠵᠠᠷ ᠢ ᠪᠦᠷᠢᠯᠳᠦᠭᠦᠯᠬᠦ ᠵᠡᠷᠭᠡ ᠰᠢᠷᠢᠰ ᠶᠠᠪᠤᠴᠠ ᠶᠢ ᠪᠣᠳᠠᠲᠠᠶ ᠪᠠᠷ ᠪᠠᠭᠲᠠᠭᠠᠨ᠎ᠠ᠃ ᠭᠤᠷᠪᠠᠨ ᠰᠠᠯᠵᠤ ᠴᠢᠳᠠᠬᠤ ᠦᠭᠡᠢ᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠴᠦ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠣ᠋ ᠬᠠᠷᠢᠯᠴᠠᠨ ᠰᠠᠯᠵᠤ ᠴᠢᠳᠠᠬᠤ ᠦᠭᠡᠢ᠃ ᠲᠠᠪᠤ ᠶᠢ ᠮᠡᠳᠡᠷᠡᠬᠦ᠄ ᠠᠭᠤᠤ ᠶᠡᠭᠡ ᠡᠬᠡ ᠤᠯᠤᠰ ᠢᠶᠠᠨ ᠮᠡᠳᠡᠷᠡᠬᠦ᠂ ᠳᠤᠮᠳᠠᠳᠤ ᠶᠢᠨ ᠦᠨᠳᠦᠰᠦᠲᠡᠨ ᠢᠶᠠᠨ ᠮᠡᠳᠡᠷᠡᠬᠦ᠂ ᠳᠤᠮᠳᠠᠳᠤ ᠶᠢᠨ ᠰᠣᠶᠣᠯ ᠢᠶᠠᠨ ᠮᠡᠳᠡᠷᠡᠬᠦ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠮᠡᠳᠡᠷᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠨ ᠮᠡᠳᠡᠷᠡᠬᠦ᠃ ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃                                                                                                                                                                                                                                                                                                                                          

        爱享365_365bet官网娱乐_365ba

        ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ