鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
        ᠨᠡᠶᠢᠲᠡᠯᠡᠭᠰᠡᠨ ᠴᠠᠭ᠄
        2021/8/26

           ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠣᠯᠤᠨ

        ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ᠃

            ᠨᠢᠭᠡᠳᠦᠭᠡᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ

        ᠎ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ

        ᠳᠠᠷᠤᠮᠠᠯᠯᠠᠨ  ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ  ︾᠎ ᠢ ᠦᠨᠳᠦᠰᠦᠯᠡᠨ᠂ ᠲᠤᠰ ᠲ᠊‍ᠣᠭᠲᠠᠭᠠᠯ

        ᠎ ᠢ ᠲᠣᠭᠲᠠᠭᠠᠪᠠ᠃

            ᠬᠤᠶᠠᠳᠤᠭᠠᠷ ᠵᠦᠢᠯ  ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ

        ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ ᠰᠢᠶᠠᠨ ᠤ ᠳᠡᠰ ᠤᠨ ᠪᠠᠶᠢᠭᠤᠯᠭ᠎ᠠ ᠪᠣᠯᠤᠨ᠎ᠠ᠃

            ᠭᠤᠷᠪᠠᠳᠤᠭᠠᠷ ᠵᠦᠢᠯ  ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ

        ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠤᠱᠯᠠᠭᠤᠯᠵᠤ  ᠂ ᠥᠪᠡᠷᠲᠡᠭᠡᠨ ᠵᠠᠰᠠᠬᠤ ᠣᠷᠣᠨ ᠤ ᠨᠠᠮ ᠤᠨ

        ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠳᠠ ᠶᠢ  ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ

        ᠭᠦᠢᠴᠡᠳᠬᠡᠬᠦ ᠶᠠᠪᠤᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ

        ᠪᠠᠷᠢᠮᠲᠠᠯᠠᠨ ᠴᠢᠩᠭᠠᠳᠬᠠᠨ᠎ᠠ  ᠃

           ᠭᠤᠣᠯ ᠲᠤᠰᠢᠶᠠᠯ ᠬᠠᠷᠢᠭᠤᠴᠠᠯᠭ᠎ᠠ ᠪᠣᠯ᠄

           ︵ᠨᠢᠭᠡ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠳᠡᠯᠭᠡᠭᠦᠷ  ᠪᠣᠯᠭᠠᠬᠤ ᠪᠠᠶᠢᠯᠳᠤᠬᠤ ᠪᠤᠳᠤᠯᠭ᠎ᠠ ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂

        ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠭᠠᠳᠠᠭᠠᠳᠤ ᠶᠢᠨ  ᠣᠶᠣᠨ ᠢ ᠣᠷᠣᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ

        ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

           ︵ᠬᠤᠶᠠᠷ︶ ᠪᠦᠬᠦ ᠬᠤᠲᠠ ᠶᠢᠨ ᠰᠢᠨ᠎ᠡ ᠶᠢ ᠡᠭᠦᠳᠬᠦ ᠲᠤᠭᠳᠠᠯᠴᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ

        ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ

        ᠤᠷᠮᠠᠰᠢᠭᠤᠯᠬᠤ ᠲᠣᠭᠲᠠᠴᠠ ᠶᠢ  ᠪᠠᠶᠢᠭᠤᠯᠤᠨ ᠪᠦᠷᠢᠨᠰᠢᠭᠦᠯᠵᠤ᠂ ᠡᠷᠳᠡᠮ ᠰᠢᠨᠵᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠰᠢᠯᠢᠳᠡᠭᠵᠢᠭᠦᠯᠵᠦ᠂  ᠡᠷᠳᠡᠮ

        ᠰᠢᠨᠵᠢᠯᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠳᠠ  ᠎ ᠶᠢ

        ᠠᠬᠢᠭᠤᠯᠤᠨ᠎ᠠ᠃ ᠴᠡᠷᠢᠭ ᠠᠷᠠᠳ ᠤᠨ ᠰᠢᠨᠵᠢᠯᠡᠬᠦ ᠤᠬᠠᠭᠠᠨ ᠮᠡᠷᠭᠡᠵᠢᠯ  ᠎ ᠳᠠᠬᠢ ᠠᠭᠤᠰᠤᠯᠴᠠᠨ ᠬᠥᠭᠵᠢᠬᠦ ᠶᠢ ᠠᠬᠢᠭᠤᠯᠬᠤ᠂ ᠤᠯᠤᠰ  ᠤᠨ ᠪᠠᠲᠤᠯᠠᠨ ᠬᠠᠮᠠᠭᠠᠯᠠᠯᠲᠠ

        ᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠶᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠳᠡᠯᠭᠡᠷᠡᠭᠦᠯᠬᠦ

        ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ  ᠲᠤᠭᠤᠷᠪᠢᠨ ᠲᠣᠭᠲᠠᠭᠠᠨ᠎ᠠ᠃

           ︵ᠭᠤᠷᠪᠠ︶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ

        ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠵᠠᠩᠭᠢᠯᠠᠭ᠎ᠠ ᠶᠢᠨ  ᠮᠦᠷᠳᠡᠭᠡᠨ ᠨᠡᠶᠢᠳᠡᠯᠢᠭ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ

        ᠨᠢᠭᠡᠳᠦᠯᠲᠡᠢ ᠲᠥᠯᠥᠪᠯᠡᠵᠦ᠂ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ᠂ ᠦᠷ᠎ᠡ ᠪᠦᠲᠦᠭᠡᠯ ᠢ ᠭᠡᠷᠡᠭᠯᠡᠨ ᠵᠢᠱᠢᠶ᠎ᠡ ᠦᠵᠡᠭᠦᠯᠬᠦ ᠶᠢ ᠲᠦᠷᠦᠭᠦᠯᠡᠨ

        ᠵᠣᠬᠢᠶᠠᠨ ᠪᠠᠶᠢᠭᠤᠯᠤᠨ᠎ᠠ᠃ ᠡᠷᠳᠡᠮ ᠰᠢᠨᠵᠢᠯᠡᠭᠡᠨ ᠤ ᠨᠥᠬᠦᠴᠡᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ

        ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ  ᠴᠢᠯᠦᠭᠡᠳᠡᠢ ᠳᠠᠯᠪᠢᠵᠤ ᠬᠠᠮᠲᠤ ᠪᠠᠷ ᠡᠳ᠋ᠯᠡᠬᠦ ᠠᠵᠢᠯ ᠢ ᠠᠬᠢᠭᠤᠯᠤᠨ᠎ᠠ᠃

           ︵ᠳᠥᠷᠪᠡ︶ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠯᠲᠡᠶ ᠬᠠᠮᠢᠶᠠᠷᠤᠯᠲᠠ ᠶᠢᠨ  ᠲᠠᠪᠴᠠᠩ ᠪᠣᠯᠤᠨ ᠡᠷᠳᠡᠮ ᠰᠢᠨᠵᠢᠯᠡᠭᠡᠨ ᠤ

        ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠲᠣᠭᠲᠠᠴᠠ ᠶᠢ ᠲᠦᠷᠦᠭᠦᠯᠡᠨ ᠪᠠᠶᠢᠭᠤᠯᠤᠨ᠎ᠠ᠃ ᠬᠤᠯᠪᠣᠭᠳᠠᠯ

        ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠲᠤᠬᠠᠢ ᠲᠦᠷᠦ ᠶᠢᠨ

        ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ ᠲᠤᠭᠳᠠᠯᠴᠠᠭ᠎ᠠ ᠶᠢᠨ

        ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ  ︵ᠲᠤᠰᠬᠠᠶ ᠵᠦᠶᠯ᠂

        爱享365_365bet官网娱乐_365ba

        ᠰᠠᠭᠤᠷᠢ ᠮᠥᠩᠭᠦ ᠵᠡᠷᠭᠡ  ︶᠎ ᠶᠢ ᠵᠣᠬᠢᠴᠠᠭᠤᠯᠤᠨ ᠬᠠᠮᠢᠶᠠᠷᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃

           ︵ᠲᠠᠪᠤ︶ ᠪᠦᠬᠦ ᠬᠤᠲᠠ ᠶᠢᠨ ᠰᠠᠭᠤᠷᠢ ᠰᠤᠳᠤᠯᠭᠠᠨ ᠤ ᠲᠦᠯᠦᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ

        ᠪᠠᠶᠢᠭᠤᠯᠤᠨ ᠬᠡᠷᠡᠭᠵᠢᠭᠦᠯᠵᠦ᠂ ᠴᠢᠬᠤᠯᠠ ᠶᠡᠭᠡ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃

          ︵ᠵᠢᠷᠭᠤᠭ᠎ᠠ︶ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ

        ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ

        ᠲᠤᠭᠤᠷᠪᠢᠨ ᠲᠣᠭᠲᠠᠭᠠᠨ᠎ᠠ᠃ ᠭᠤᠣᠯᠳᠠᠯᠭ᠎ᠠ ᠲᠠᠢ ᠬᠦᠷᠢᠶᠡᠨ ᠴᠠᠷᠠᠭᠠᠨ ᠤ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ

        ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃

          ︵ᠳᠣᠯᠤᠭ᠎ᠠ︶ ᠮᠡᠷᠭᠡᠵᠢᠯ ᠢ ᠰᠢᠯᠵᠢᠭᠦᠯᠬᠦ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠦᠭᠦᠯᠡᠨ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ

        ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ ᠦᠶᠯᠡᠳᠪᠦᠷᠢᠯᠡᠬᠦ ᠬᠦᠮᠦᠵᠢᠭᠦᠯᠬᠦ ᠰᠤᠳᠤᠯᠬᠤ ᠶᠢ ᠤᠶᠠᠯᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ

        ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ

        ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ

        ᠵᠢᠯᠣᠭᠤᠳᠤᠨ᠎ᠠ᠃

           ︵ᠨᠠᠶᠮᠠ︶ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ

        ᠲᠥᠯᠥᠪᠯᠡᠵᠦ᠂ ᠣᠷᠣᠨ ᠪᠦᠰᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠶ ᠵᠣᠬᠢᠰᠲᠠᠶ ᠪᠠᠶᠢᠷᠢᠯᠠᠭᠤᠯᠬᠤ

        ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃

           ︵ᠶᠢᠰᠦ︶ ᠰᠢᠨᠵᠢᠯᠡᠬᠦ ᠤᠬᠠᠭᠠᠨ ᠮᠡᠷᠭᠡᠵᠢᠯ ᠳᠤ ᠬᠢᠨᠠᠯᠲᠠ ᠲᠠᠯᠪᠢᠨ ᠦᠨᠡᠯᠡᠯᠳᠡ ᠬᠢᠬᠦ ᠲᠤᠭᠳᠠᠯᠴᠠᠭ᠎ᠠ ᠶᠢᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ

        ᠎ ᠢ ᠦᠨᠡᠯᠡᠨ ᠵᠢᠱᠢᠬᠦ ᠬᠠᠮᠢᠶ᠎ᠠ ᠪᠦᠬᠦᠢ ᠬᠠᠮᠢᠶᠠᠷᠤᠯᠲᠠ ᠶᠢ ᠬᠠᠷᠢᠭᠤᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠶᠢᠨ ᠥᠭᠡᠷᠡᠴᠢᠯᠡᠯᠲᠡ ᠶᠢ

        ᠵᠢᠯᠣᠭᠤᠳᠴᠤ᠂ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ ᠰᠢᠨ᠎ᠡ ᠶᠢ ᠡᠭᠦᠳᠬᠦ ᠳᠤ ᠪᠠᠶᠢᠴᠠᠭᠠᠯᠲᠠ ᠬᠢᠬᠦ

        ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠦᠯᠦᠯᠲᠡ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠰᠢᠨᠵᠢᠯᠡᠬᠦ ᠤᠬᠠᠭᠠᠨ

        ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃

           ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠲᠠᠢ ᠬᠠᠷᠢᠯᠴᠠᠬᠤ ᠪᠠ ᠰᠢᠨ᠎ᠡ ᠶᠢ ᠡᠭᠦᠳᠬᠦ ᠴᠢᠳᠠᠪᠤᠷᠢ ᠶᠢᠨ ᠴᠢᠯᠦᠭᠡᠳᠡᠢ ᠬᠠᠮᠳᠣᠷᠠᠨ ᠠᠵᠢᠯᠯᠠᠬᠤ

        ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ

        ᠮᠡᠷᠭᠡᠵᠢᠯ ᠤᠨ ᠬᠠᠮᠲᠤᠷᠠᠯᠴᠠᠭ᠎ᠠ ᠪᠠ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠬᠤᠰᠢᠭᠤ ᠲᠣᠭᠤᠷᠢᠭ ᠪᠠ ᠬᠤᠯᠪᠣᠭᠳᠠᠯ

        ᠪᠦᠬᠦᠢ ᠰᠠᠯᠠᠭ᠎ᠠ ᠮᠥᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ

        爱享365_365bet官网娱乐_365ba

         ᠎ ᠤ ᠰᠣᠯᠢᠯᠴᠠᠭ᠎ᠠ ᠶᠢᠨ ᠠᠵᠢᠯ ᠢ ᠵᠢᠯᠣᠭᠤᠳᠤᠨ᠎ᠠ᠃

          ︵ᠠᠷᠪᠠᠨ ᠨᠢᠭᠡ︶ ᠭᠠᠳᠠᠭᠠᠳᠤ ᠶᠢᠨ ᠣᠶᠣᠨ ᠢ ᠣᠷᠣᠭᠤᠯᠬᠤ ᠠᠵᠢᠯ ᠢ ᠬᠠᠷᠢᠭᠤᠴᠠᠨ᠎ᠠ᠃ ᠬᠤᠳᠠ ᠶᠢᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ

        ᠣᠷᠣᠭᠤᠯᠤᠨ ᠠᠪᠴᠢᠷᠠᠬᠤ ᠶᠡᠷᠦᠩᠬᠡᠢ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂

        ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠪᠦᠯᠬᠦᠮ ᠨᠡᠶᠢᠲᠡ  ᠶᠢ ᠳᠠᠳᠠᠨ ᠴᠤᠭᠯᠠᠷᠠᠭᠤᠯᠬᠤ ᠲᠣᠭᠲᠠᠴᠠ ᠪᠠ ᠭᠠᠳᠠᠭᠠᠳᠤ ᠶᠢᠨ ᠭᠤᠣᠯᠳᠠᠯᠭ᠎ᠠ ᠲᠠᠢ ᠲᠤᠰᠬᠠᠢ

        ᠮᠡᠷᠭᠡᠵᠢᠯᠲᠡᠨ ᠲᠠᠢ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠤᠯᠤᠰ ︵ᠬᠢᠯᠢ︶᠎ ᠠᠴᠠ ᠭᠠᠷᠬᠤ ᠪᠣᠯᠪᠠᠰᠤᠷᠠᠭᠤᠯᠤᠯ ᠤᠨ

        ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃

           ︵ᠠᠷᠪᠠᠨ ᠬᠤᠶᠠᠷ︶ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ

        ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ

        ᠎ ᠤᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ

        ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ

        ᠎ ᠶᠢ ᠠᠬᠢᠭᠤᠯᠤᠨ᠎ᠠ᠃

           ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠵᠣᠬᠢᠶᠠᠨ ᠪᠠᠶᠢᠭᠤᠯᠤᠨ ᠪᠠᠲᠤᠯᠠᠨ ᠲᠠᠨᠢᠯᠴᠠᠭᠤᠯᠬᠤ

        ᠠᠵᠢᠯ ᠢ ᠬᠠᠷᠢᠭᠤᠴᠠᠨ᠎ᠠ᠃

           ︵ᠠᠷᠪᠠᠨ ᠳᠥᠷᠪᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃

           ︵ᠠᠷᠪᠠᠨ ᠲᠠᠪᠤ︶ ᠴᠢᠳᠠᠪᠬᠢ ᠶᠢᠨ  ᠬᠤᠪᠢᠷᠠᠯᠳᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠲᠠ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ

        ᠬᠤᠲᠠ ᠪᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ ᠪᠠᠷ  ᠬᠦᠭᠵᠢᠯᠳᠡ ᠶᠢᠨ ᠬᠦᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ

        ᠲᠤᠤᠱᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠪᠣᠯᠤᠨ ᠦᠶᠯᠡᠴᠢᠯᠡᠭᠡᠨ ᠤ  

        ᠴᠢᠳᠠᠪᠬᠢ ᠶᠢ ᠴᠢᠩᠭᠠᠳᠬᠠᠨ ᠰᠢᠯᠵᠢᠭᠦᠯᠦᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠦᠷᠢᠮ ᠪᠣᠯᠤᠨ ᠵᠣᠬᠢᠶᠠᠨ ᠪᠠᠶᠢᠭᠤᠯᠤᠯᠲᠠ

        ᠎ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠂ ᠬᠤᠷᠸ᠎ᠠ ᠬᠠᠮᠢᠶᠠᠷᠤᠯᠲᠠ ᠪᠣᠯᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠬᠤᠮᠠᠬᠢ

        ᠬᠠᠮᠢᠶᠠᠷᠤᠯᠲᠠ ᠪᠣᠯᠤᠨ ᠪᠣᠳᠠᠲᠠᠶ ᠬᠢᠨᠠᠨ ᠵᠥᠪᠰᠢᠶᠡᠷᠡᠬᠦ ᠵᠦᠶᠯᠡᠰ ᠢ ᠪᠠᠭᠠᠰᠬᠠᠨ᠂ ᠠᠵᠢᠯ  ᠎ ᠤᠨ ᠳᠤᠮᠳᠠᠬᠢ ᠪᠠ ᠬᠤᠶᠢᠨᠠᠬᠢ ᠬᠢᠨᠠᠯᠲᠠ ᠬᠠᠮᠢᠶᠠᠷᠤᠯᠲᠠ ᠪᠠ  ᠡᠷᠳᠡᠮ

        ᠰᠢᠨᠵᠢᠯᠡᠭᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠳᠠᠲᠠᠶ ᠡᠷᠳᠡᠮ ᠰᠢᠨᠵᠢᠯᠡᠭᠡᠨ ᠤ

        ᠲᠥᠷᠥᠯ ᠵᠦᠶᠯ ᠢ ᠰᠢᠭᠤᠳ ᠬᠠᠮᠢᠶᠠᠷᠬᠤ ᠥᠬᠡᠶ ᠪᠠᠶᠢᠬᠤ ᠶᠢ ᠠᠬᠢᠭᠤᠯᠵᠤ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ  ᠎ ᠶᠢ ᠨᠠᠶᠢᠳᠠᠵᠤ

        ᠲᠥᠷᠥᠯ ᠵᠦᠶᠯ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠲᠣᠭᠲᠠᠭᠠᠬᠤ᠂ ᠲᠥᠷᠥᠯ ᠵᠦᠶᠯ ᠲᠣᠭᠲᠠᠭᠠᠬᠤ᠂ ᠶᠠᠪᠤᠴᠠ ᠶᠢᠨ ᠬᠠᠮᠢᠶᠠᠷᠤᠯᠲᠠ᠂ ᠰᠢᠯᠭᠠᠨ

        ᠬᠤᠷᠢᠶᠠᠬᠤ ᠵᠡᠷᠭᠡ ᠪᠣᠳᠠᠲᠠᠶ ᠠᠵᠢᠯ ᠢ ᠥᠷᠨᠢᠭᠦᠯᠦᠨ᠎ᠡ᠃  ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠠ ᠲᠣᠬᠢᠷᠠᠭᠤᠯᠤᠯᠲᠠ ᠬᠢᠬᠦ ᠵᠦᠶᠯᠡᠰ

        ᠎ ᠢ ᠳᠠᠭᠢᠵᠤ ᠬᠢᠨᠠᠨ ᠬᠠᠷᠭᠤᠭᠤᠯᠬᠤ ᠥᠬᠡᠶ  ᠂ ᠲᠦᠯᠦᠪᠵᠢᠭᠦᠯᠦᠨ ᠪᠠᠶᠢᠷᠢᠯᠠᠭᠤᠯᠬᠤ ᠪᠠ ᠠᠵᠢᠯ ᠤᠨ ᠦᠷ᠎ᠡ ᠪᠦᠲᠦᠮᠵᠢ  ᠎ ᠶᠢ ᠦᠨᠡᠯᠡᠬᠦ ᠶᠢ ᠭᠤᠤᠯᠳᠠᠯᠭ᠎ᠠ ᠲᠠᠢ

        ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠰᠠᠶᠢᠵᠢᠷᠠᠭᠤᠯᠵᠤ᠂ ᠬᠤᠲᠠ ᠶᠢᠨ ᠳᠣᠲᠣᠷᠠᠬᠢ ᠰᠢᠨᠵᠢᠯᠡᠬᠦ

        ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠬᠤᠲᠠ ᠶᠢᠨ ᠭᠠᠳᠠᠨᠠᠬᠢ ᠤᠶᠤᠨ ᠢ ᠣᠷᠣᠭᠤᠯᠤᠨ ᠠᠪᠴᠢᠷᠠᠬᠤ ᠠᠵᠢᠯ ᠢ ᠨᠢᠭᠡᠳᠦᠯᠲᠡᠶ

        ᠲᠥᠯᠥᠪᠯᠡᠨ᠎ᠡ᠃

           ︵ᠠᠷᠪᠠᠨ ᠵᠢᠷᠭᠤᠭ᠎ᠠ︶  ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ

           ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ  ᠬᠤᠯᠪᠤᠭᠳᠠᠬᠤ ᠲᠤᠰᠢᠶᠠᠯ ᠬᠠᠷᠢᠭᠤᠴᠠᠯᠭ᠎ᠠ ᠠᠵᠢᠯ

        ᠎ ᠤᠨ ᠬᠤᠪᠢᠶᠠᠷᠢᠯᠠᠯ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ᠂

        ᠣᠲᠣ ᠶᠢᠨ ᠪᠠᠶᠢᠭ᠎ᠠ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠬᠠᠮᠢᠶᠠᠷᠤᠯᠲᠠ ᠶᠢᠨ ᠦᠶᠯᠡᠴᠢᠯᠡᠭᠡᠨ ᠤ ᠲᠤᠭᠳᠠᠯᠴᠠᠭ᠎ᠠ︾᠎ ᠶᠢ

        ᠦᠷᠭᠦᠯᠵᠢᠯᠡᠨ ᠬᠡᠷᠡᠭᠯᠡᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠬᠠᠮᠢᠶᠠᠷᠴᠤ ᠬᠠᠮᠠᠭᠠᠯᠠᠨ᠎ᠠ︔ ᠬᠥᠮᠦᠨ ᠤ ᠬᠦᠴᠦᠨ

        ᠎ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ ᠠᠴᠠ ᠬᠠᠮᠲᠤᠷᠠᠨ ᠳᠠᠷᠤᠮᠠᠯᠯᠠᠨ

        ᠦᠢᠯᠡᠳᠦᠭᠰᠡᠨ ︽ᠭᠠᠳᠠᠭᠠᠳᠤ ᠶᠢᠨ ᠬᠥᠮᠦᠨ ᠤ ᠠᠵᠢᠯᠯᠠᠬᠤ ᠵᠥᠪᠰᠢᠶᠡᠷᠡᠯ ᠤᠨ ᠦᠨᠡᠮᠯᠡᠯ︾᠂ A ᠲᠥᠷᠥᠯ ᠪᠠ B ᠲᠥᠷᠥᠯ ᠤᠨ ᠬᠦᠮᠦᠰ ᠤᠨ ᠠᠵᠢᠯᠯᠠᠬᠤ

        ᠵᠥᠪᠰᠢᠶᠡᠷᠡᠯ ᠢ ᠦᠷᠭᠦᠯᠵᠢᠯᠡᠨ ᠬᠡᠷᠡᠭᠯᠡᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ

        ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ C ᠲᠥᠷᠥᠯ ᠤᠨ ᠬᠦᠮᠦᠰ ᠤᠨ ᠠᠵᠢᠯᠯᠠᠬᠤ

        ᠵᠥᠪᠰᠢᠶᠡᠷᠡᠯ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ

           ᠳᠥᠷᠪᠡᠳᠦᠭᠡᠷ ᠵᠦᠢᠯ  ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠳᠣᠣᠷᠠᠬᠢ ᠮᠡᠳᠣ ᠳᠣᠲᠣᠭᠠᠳᠤ ᠶᠢᠨ ᠪᠠᠶᠢᠭᠤᠯᠤᠮᠵᠢ ᠶᠢ

        ᠲᠣᠬᠢᠷᠠᠭᠤᠯᠤᠨ᠎ᠠ  ᠄

            ︵ᠨᠢᠭᠡ︶ ᠠᠯᠪᠠᠨ ᠭᠡᠷ  

            ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ  ᠵᠠᠩᠬᠢᠴᠢᠯᠠᠯᠳᠠ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ  

        ᠰᠣᠷᠪᠣᠯᠵᠢᠯᠠᠭ᠎ᠠ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠬᠢᠴᠢᠯᠠᠯᠳᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ

        ᠡᠭᠦᠷᠭᠡᠯᠡᠨ᠎ᠡ᠃  ᠲᠤᠪᠴᠢᠶᠠᠨ ᠤ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ᠂ ᠬᠥᠳᠡᠯᠮᠦᠷᠢ ᠴᠠᠯᠢᠩ᠂

        ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠲᠣᠪᠴᠢᠶᠠᠨ ᠤ  ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ

        ᠬᠠᠷᠢᠭᠤᠴᠠᠨ᠎ᠠ᠃

            ︵ᠬᠤᠶᠠᠷ  ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ ᠬᠢᠨᠠᠯᠲᠠ ᠲᠠᠯᠪᠢᠬᠤ ᠰᠠᠯᠠᠭ᠎ᠠ  

            ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭᠳᠠᠯᠴᠠᠭ᠎ᠠ ᠶᠢᠨ ᠪᠠᠶᠢᠭᠤᠯᠤᠯᠲᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ  ᠪᠠᠶᠢᠭᠤᠯᠤᠯ

        ᠎ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃  ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠤᠨ ᠮᠡᠷᠭᠡᠵᠢᠯ ᠤᠨ

        ᠰᠢᠨ᠎ᠡ ᠶᠢ ᠡᠭᠦᠳᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠵᠤ᠂  ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ

        ᠰᠢᠨ᠎ᠡ ᠶᠢ ᠡᠭᠦᠳᠬᠦ  ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠳᠤ ᠬᠢᠨᠠᠯᠲᠠ ᠲᠠᠯᠪᠢᠵᠤ

        ᠦᠨᠡᠯᠡᠬᠦ  ᠲᠤᠭᠳᠠᠯᠴᠠᠭ᠎ᠠ  ᠎ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ ᠵᠢᠱᠢᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ

        ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠬᠦ ᠲᠣᠭᠲᠠᠴᠠ ᠳᠤ ᠥᠭᠡᠷᠡᠴᠢᠯᠡᠯᠲᠡ  ᠬᠢᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠶᠢᠨ

        ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠨ  ᠵᠢᠱᠢᠵᠤ ᠦᠨᠡᠯᠡᠯᠲᠡ ᠬᠢᠬᠦ ᠪᠠ ᠲᠥᠷᠥᠯ ᠵᠦᠢᠯ ᠤᠨ ᠬᠡᠷᠡᠭᠵᠢᠭᠦᠯᠦᠯᠲᠡ

        ᠂ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠥᠭᠡᠯᠡᠨ ᠰᠢᠨᠵᠢᠯᠡᠬᠦ ᠤᠬᠠᠭᠠᠨ ᠤ ᠰᠤᠳᠤᠯᠭᠠᠨ ᠢ

        ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠳᠡᠯᠭᠡᠷᠡᠭᠦᠯᠬᠦ

        ᠲᠦᠯᠦᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃  ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠪᠠᠷ

        ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ

        ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃

           ︵ᠭᠤᠷᠪᠠ︶ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠰᠠᠯᠠᠭ᠎ᠠ

            ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ  

        ᠎ ᠶᠢᠨ ᠬᠠᠮᠳᠣ ᠵᠣᠬᠢᠴᠠᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶᠯ

        ᠎ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠠᠷᠤᠳᠠᠯ ᠢ ᠲᠣᠬᠢᠷᠠᠭᠤᠯᠬᠤ ᠰᠠᠨᠠᠭᠤᠯᠭ᠎ᠠ ᠳᠤᠷᠠᠳᠴᠤ

        ᠂ ᠲᠥᠷᠥᠯ ᠵᠦᠶᠯ ᠤᠨ ᠬᠠᠮᠢᠶᠠᠷᠤᠯᠲᠠ ᠶᠢᠨ ᠲᠤᠰᠬᠠᠶ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠲᠠ ᠶᠢᠨ ᠭᠤᠣᠯᠳᠠᠯᠭ᠎ᠠ ᠲᠠᠢ ᠬᠦᠷᠢᠶ᠎ᠡ

        ᠴᠠᠷᠠᠭᠠᠨ ᠳᠠᠬᠢ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠩᠭᠢᠯᠠᠭ᠎ᠠ ᠶᠢᠨ

        ᠨᠡᠶᠢᠳᠡᠯᠢᠭ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ  ᠲᠥᠯᠥᠪᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

        ᠡᠭᠦᠳᠬᠦ ᠲᠠᠪᠴᠠᠩ  ᠤᠨ  ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠴᠢᠯᠦᠭᠡᠳᠡᠢ ᠳᠠᠯᠪᠢᠨ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃

        ᠬᠤᠲᠠ ᠶᠢᠨ ᠴᠢᠬᠤᠯᠠ ᠶᠡᠭᠡ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠵᠣᠬᠢᠴᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ

        ᠮᠡᠳᠡᠭᠦᠯᠦᠯᠲᠡ ᠶᠢᠨ ᠳᠦᠷᠢᠮ ᠢ ᠬᠠᠷᠢᠭᠤᠴᠠᠨ ᠬᠡᠷᠡᠭᠵᠢᠭᠦᠯᠵᠦ᠂ ᠰᠢᠨ᠎ᠡ ᠶᠢ ᠡᠭᠦᠳᠬᠦ ᠪᠠᠶᠢᠴᠠᠭᠠᠯᠲᠠ ᠬᠢᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂

        ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃

           ︵ᠳᠥᠷᠪᠡ︶ ᠡᠬᠢ ᠪᠠᠶᠠᠯᠢᠭ ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠶᠢᠨ ᠰᠠᠯᠠᠭ᠎ᠠ

            ᠬᠤᠲᠠ ᠶᠢᠨ ᠱᠠᠲᠤᠨ ᠤ  ᠡᠷᠳᠡᠮ ᠰᠢᠨᠵᠢᠯᠡᠭᠡᠨ ᠤ ᠪᠡᠯᠡ ᠮᠥᠩᠭᠦ ᠶᠢ ᠵᠣᠬᠢᠴᠠᠭᠤᠯᠬᠤ᠂ ᠦᠨᠡᠯᠡᠨ ᠵᠢᠱᠢᠬᠦ᠂ ᠬᠢᠨᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ

        ᠎ ᠢ ᠡᠭᠦᠷᠭᠡᠯᠡᠨ᠎ᠡ᠃  ᠡᠷᠳᠡᠮ ᠰᠢᠨᠵᠢᠯᠡᠭᠡᠨ ᠤ ᠨᠥᠬᠦᠴᠡᠯ  ᠎ ᠤᠨ ᠪᠠᠳᠣᠯᠠᠭ᠎ᠠ ᠶᠢᠨ ᠲᠠᠯ᠎ᠠ ᠪᠠᠷ ᠬᠢ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ

        ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠵᠦᠢ ᠵᠣᠬᠢᠰᠲᠠᠢ ᠲᠤᠬᠢᠷᠠᠭᠤᠯᠬᠤ

        ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ  

        ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠤᠰ ᠰᠠᠯᠠᠭ᠎ᠠ ᠮᠥᠴᠢᠷ ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ

        ᠬᠠᠷᠢᠭᠤᠴᠠᠨ᠎ᠠ᠃  ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠳᠠᠩᠰᠠ ᠲᠠᠶᠢᠯᠬᠤ᠂ ᠪᠡᠯᠡ ᠮᠥᠩᠭᠦ ᠶᠢ ᠬᠢᠨᠠᠨ ᠪᠣᠳᠣᠬᠤ ᠪᠠ ᠤᠯᠤᠰ ᠤᠨ ᠥᠮᠴᠢᠯᠡᠯᠲᠦ  ᠡᠳ᠋  

        ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃

           ︵ᠲᠠᠪᠤ  ︶ ᠳᠡᠭᠡᠳᠦ ᠰᠢᠨ᠎ᠡ ᠮᠡᠷᠭᠡᠵᠢᠯ ᠤᠨ ᠰᠠᠯᠠᠭ᠎ᠠ

            ᠬᠠᠮᠢᠶ᠎ᠠ ᠪᠦᠬᠦᠢ ᠬᠦᠷᠢᠶ᠎ᠠ ᠴᠠᠷᠠᠭᠠᠨ ᠤ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ

        ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠮᠡᠷᠭᠡᠵᠢᠯ ᠤᠨ ᠬᠥᠭᠵᠢᠯᠲᠡ ᠶᠢᠨ

        ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ ᠬᠢᠨᠠᠯᠲᠠ ᠲᠠᠯᠪᠢᠨ

        ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ  ᠬᠦᠷᠢᠶ᠎ᠡ ᠴᠠᠷᠠᠭᠠᠨ ᠤ

        ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃  ᠴᠡᠷᠢᠭ ᠠᠷᠠᠳ ᠤᠨ ᠰᠢᠨᠵᠢᠯᠡᠬᠦ

        ᠤᠬᠠᠭᠠᠨ ᠮᠡᠷᠭᠡᠵᠢᠯ  ᠢᠶᠠᠷ ᠠᠭᠤᠰᠤᠯᠳᠤᠨ ᠬᠥᠭᠵᠢᠬᠦ ᠶᠢ ᠠᠬᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠰᠢᠨᠵᠢᠯᠡᠬᠦ

        ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠳᠠᠶᠢᠴᠢᠯᠠᠯᠲᠠ ᠵᠡᠷᠭᠡ ᠲᠠᠯ᠎ᠠ ᠶᠢᠨ ᠪᠣᠳᠠᠲᠠᠶ ᠠᠵᠢᠯ ᠢ ᠡᠭᠦᠷᠭᠡᠯᠡᠨ᠎ᠡ᠃

            ︵ᠵᠢᠷᠭᠤᠭ᠎ᠠ︶ ᠬᠥᠳᠡᠭᠡ ᠲᠣᠰᠬᠤᠨ ᠬᠢᠭᠡᠳ ᠨᠡᠶᠢᠭᠡᠮ ᠤᠨ ᠬᠥᠭᠵᠢᠯᠲᠡ ᠶᠢᠨ ᠰᠠᠯᠠᠭ᠎ᠠ᠃  ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠮᠠᠯ ᠠᠵᠤ

        ᠠᠬᠤᠶ᠂ ᠮᠠᠯᠵᠢᠬᠤ ᠲᠠᠷᠢᠶᠠᠯᠠᠬᠤ ᠣᠷᠣᠨ ᠪᠣᠯᠤᠨ ᠨᠡᠶᠢᠭᠡᠮ ᠤᠨ ᠬᠥᠭᠵᠢᠯᠲᠡ ᠶᠢ ᠠᠬᠢᠭᠤᠯᠬᠤ  ᠬᠦᠷᠢᠶ᠎ᠡ ᠴᠠᠷᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ

        ᠎ ᠶᠢᠨ ᠪᠣᠳᠣᠯᠭ᠎ᠠ  ᠂ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠬᠦᠷᠢᠶ᠎ᠡ  ᠴᠠᠷᠠᠭᠠᠨ ᠤ ᠮᠡᠷᠭᠡᠵᠢᠯ

        ᠎ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠡᠭᠦᠷᠭᠡ ᠶᠢ ᠳᠤᠷᠠᠳᠬᠤ ᠶᠢᠨ ᠬᠠᠮᠲᠤ

        ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ

        ᠎ ᠤᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠲᠠᠪᠴᠠᠩ᠂ ᠰᠠᠭᠤᠷᠢᠨ ᠭᠠᠵᠠᠷ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃

        ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠰᠢᠶᠠᠨ ᠤ  ᠪᠦᠰᠡ ᠶᠢᠨ ᠰᠢᠨ᠎ᠡ ᠶᠢ ᠡᠭᠦᠳᠬᠦ ᠪᠠᠷ ᠭᠦᠭᠵᠢᠯᠳᠡ ᠶᠢᠨ

        ᠬᠦᠳᠡᠯᠭᠡᠭᠦᠷ ᠪᠣᠯᠭᠠᠭᠰᠠᠨ ᠬᠥᠭᠵᠢᠯᠲᠡ ᠶᠢᠨ ᠠᠵᠢᠯ ᠢ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠠᠵᠢᠯ ᠪᠠ ᠮᠠᠯᠵᠢᠬᠤ

        ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ  ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃

        ᠠᠮᠢᠳᠤ ᠪᠣᠳᠠᠰ ᠤᠨ ᠮᠡᠷᠭᠡᠵᠢᠯ ᠤᠨ ᠬᠥᠭᠵᠢᠯᠲᠡ ᠵᠢᠴᠢ ᠠᠵᠤ ᠦᠢᠯᠡᠰᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠶᠢ

        ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ  ᠢᠶᠠᠷ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠠᠵᠢᠯ ᠢ ᠥᠷᠨᠢᠭᠦᠯᠦᠨ᠎ᠡ᠃

            ︵ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠯᠠᠭ᠎ᠠ  ︵ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠣᠪᠴᠢᠶ᠎ᠠ︶

            ᠵᠠᠰᠠᠭ ᠤᠨ ᠣᠷᠳᠣᠨ ᠤ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠭᠡᠳ ᠰᠣᠯᠢᠯᠴᠠᠭᠠᠨ ᠤ ᠠᠵᠢᠯ

        ᠎ ᠢ ᠬᠠᠷᠢᠭᠤᠴᠠᠨ᠎ᠠ᠃ ᠬᠤᠰᠢᠭᠤ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠯᠠᠨ ᠤᠯᠤᠰ᠂ ᠤᠯᠤᠰ  ᠤᠨ ᠳᠣᠲᠣᠭᠠᠳᠤ ᠶᠢᠨ ᠰᠢᠨᠵᠢᠯᠡᠬᠦ

        ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠰᠣᠯᠢᠯᠴᠠᠭᠠᠨ ᠤ ᠠᠵᠢᠯ ᠢ ᠵᠢᠯᠣᠭᠤᠳᠤᠨ᠎ᠠ᠃ ᠰᠢᠶᠠᠩᠭᠠᠩ ᠣᠣᠮᠧᠨ ᠲᠠᠶᠢᠸᠠᠨ ᠤ ᠰᠢᠨᠵᠢᠯᠡᠬᠦ ᠤᠬᠠᠭᠠᠨ ᠮᠡᠷᠭᠡᠵᠢᠯ ᠤᠨ

        ᠬᠠᠮᠲᠤᠷᠠᠯᠴᠠᠭ᠎ᠠ ᠪᠠ ᠰᠣᠯᠢᠯᠴᠠᠭᠠᠨ ᠤ ᠠᠵᠢᠯ ᠢ ᠡᠭᠦᠷᠭᠡᠯᠡᠨ᠎ᠡ᠃ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ

        ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ᠂ ᠪᠦᠯᠬᠦᠮ ᠨᠡᠶᠢᠲᠡ ᠶᠢ ᠲᠠᠲᠠᠨ ᠴᠤᠭᠯᠠᠭᠤᠯᠬᠤ

        ᠲᠣᠭᠲᠠᠴᠠ ᠪᠠ ᠭᠠᠳᠠᠭᠠᠳᠤ ᠶᠢᠨ  ᠭᠤᠣᠯᠳᠠᠯᠭ᠎ᠠ ᠲᠠᠢ ᠲᠤᠰᠬᠠᠢ ᠮᠡᠷᠭᠡᠵᠢᠯᠲᠡᠨ ᠲᠠᠢ ᠬᠠᠷᠢᠯᠴᠠᠬᠤ ᠦᠢᠯᠡᠴᠢᠯᠡᠭᠡᠨ ᠤ ᠲᠣᠭᠲᠠᠴᠠ ᠶᠢᠨ ᠪᠠᠶᠢᠭᠤᠯᠤᠯᠳᠠ ᠶᠢ

        ᠠᠬᠢᠭᠤᠯᠤᠨ᠎ᠠ᠃ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠤ ᠲᠥᠷᠥᠯ ᠵᠦᠶᠯ ᠪᠠ ᠣᠷᠣᠭᠤᠯᠵᠤ ᠠᠪᠴᠢᠷᠠᠭᠰᠠᠨ  ᠣᠶᠣᠨ ᠤ ᠦᠷ᠎ᠡ ᠪᠦᠲᠦᠭᠡᠯ ᠢ ᠳᠡᠯᠭᠡᠷᠡᠭᠦᠯᠬᠦ

        ᠲᠥᠷᠥᠯ ᠵᠦᠶᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ  ︵ᠬᠢᠯᠢ︶᠎ ᠠᠴᠠ ᠭᠠᠷᠬᠤ ᠪᠣᠯᠪᠠᠰᠤᠷᠠᠭᠤᠯᠤᠯ ᠤᠨ ᠲᠥᠯᠥᠪᠵᠢᠭᠦᠯᠭᠡ᠂

        ᠲᠥᠷᠥ ᠶᠢᠨ ᠪᠣᠳᠣᠯᠭ᠎ᠠ ᠶᠢ  ᠲᠤᠭᠤᠷᠪᠢᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂  ᠤᠯᠤᠰ  ︵ᠬᠢᠯᠢ︶᠎ ᠠᠴᠠ ᠭᠠᠷᠬᠤ ᠭᠤᠣᠯᠳᠠᠯᠭ᠎ᠠ ᠲᠠᠢ

        ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ

        ᠬᠠᠷᠢᠭᠤᠴᠠᠨ ᠠᠬᠢᠭᠤᠯᠤᠨ᠎ᠠ᠃  

            ︵ᠨᠠᠶᠮᠠ︶ ᠦᠷ᠎ᠡ ᠪᠦᠲᠦᠭᠡᠯ ᠢ ᠬᠠᠮᠢᠶᠠᠷᠬᠤ ᠪᠠ  ᠬᠤᠪᠢᠷᠠᠭᠤᠯᠬᠤ ᠰᠠᠯᠠᠭ᠎ᠠ

            ᠮᠡᠷᠭᠡᠵᠢᠯ ᠢ ᠰᠢᠯᠵᠢᠭᠦᠯᠬᠦ  ᠲᠤᠭᠳᠠᠯᠴᠠᠭ᠎ᠠ ᠶᠢᠨ ᠠᠵᠢᠯ ᠢ ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ  

        ᠬᠤᠪᠢᠷᠠᠭᠤᠯᠬᠤ ᠵᠢᠴᠢ ᠠᠵᠤ ᠦᠢᠯᠡᠰᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠴᠤ᠂ ᠰᠢᠨᠵᠢᠯᠡᠬᠦ ᠤᠬᠠᠭᠠᠨ

        ᠮᠡᠷᠭᠡᠵᠢᠯ ᠤᠨ ᠬᠠᠮᠢᠶ᠎ᠠ ᠪᠦᠬᠦᠢ ᠴᠢᠬᠤᠯᠠ ᠶᠡᠭᠡ ᠦᠷ᠎ᠡ ᠪᠦᠲᠦᠭᠡᠯ ᠢᠶᠠᠷ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ

        ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ

        ᠳᠡᠯᠭᠡᠭᠦᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠰᠢᠨᠵᠢᠯᠡᠬᠦ

        ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ

        ᠵᠣᠬᠢᠶᠠᠨ ᠪᠠᠶᠢᠭᠤᠯᠤᠨ ᠪᠠᠲᠤᠯᠠᠨ ᠲᠠᠨᠢᠯᠴᠠᠭᠤᠯᠬᠤ ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠮᠡᠷᠭᠡᠵᠢᠯ

        ᠎ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠷᠭᠡᠵᠢᠯ ᠤᠨ ᠠᠷᠠᠯᠵᠢᠶ᠎ᠠ ᠶᠢᠨ ᠪᠠᠶᠢᠭᠤᠯᠤᠮᠵᠢ ᠶᠢ ᠬᠢᠨᠠᠨ ᠵᠦᠪᠰᠢᠶᠡᠷᠡᠵᠤ ᠬᠠᠮᠢᠶᠠᠷᠬᠤ ᠪᠠ ᠰᠢᠨᠵᠢᠯᠡᠬᠦ

        ᠤᠬᠠᠭᠠᠨ ᠮᠡᠷᠭᠡᠵᠢᠯ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢ ᠪᠠᠶᠢᠭᠤᠯᠬᠤ ᠶᠢ ᠬᠢᠨᠠᠨ ᠪᠠᠶᠢᠴᠠᠭᠠᠵᠤ ᠬᠠᠮᠢᠶᠠᠷᠬᠤ

        ᠠᠵᠢᠯ ᠢ ᠬᠠᠷᠢᠭᠤᠴᠠᠨ᠎ᠠ᠃ ᠮᠡᠷᠭᠡᠵᠢᠯ ᠤᠨ ᠠᠷᠠᠯᠵᠢᠶᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠠᠷᠠᠯᠵᠢᠶ᠎ᠠ᠂ ᠭᠡᠷ᠎ᠡ ᠶᠢ ᠮᠠᠭᠠᠳᠯᠠᠨ

        ᠲᠣᠭᠲᠠᠭᠠᠬᠤ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃

            ᠪᠠᠶᠢᠭᠤᠯᠭ᠎ᠠ ᠶᠢᠨ ᠨᠠᠮ ᠤᠨ ᠬᠤᠷᠢᠶ᠎ᠠ

            ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ  ᠂ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃

            ᠲᠠᠪᠤᠳᠤᠭᠠᠷ ᠵᠦᠢᠯ   ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 21

        ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 3 ᠨᠡᠷᠡᠰ ᠲᠤᠬᠢᠷᠠᠭᠤᠯᠤᠨ᠎ᠠ᠃ ᠰᠠᠯᠠᠭᠠᠨ ᠲᠠᠰ ᠤᠨ ᠤᠳᠤᠷᠢᠳᠬᠤ ᠲᠤᠰᠢᠶᠠᠯ 13  

        ᠨᠡᠷᠡᠰ᠂ 9 ᠵᠢᠩᠬᠢᠨᠢ ᠲᠡᠰ  ︵ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ 1 ᠨᠡᠷᠡᠰ ᠪᠠᠭᠲᠠᠨ᠎ᠠ︶ 4  ᠲᠡᠳ᠋ ᠰᠠᠯᠠᠭᠠᠨ ᠲᠡᠰ

            ᠵᠢᠷᠭᠤᠳᠤᠭᠠᠷ ᠵᠦᠢᠯ  ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠶ᠎ᠠ ᠪᠦᠬᠦᠢ ᠠᠵᠢᠯ ᠦᠶᠯᠡᠰ ᠤᠨ ᠨᠢᠭᠡᠴᠡ ᠶᠢᠨ

        ᠪᠠᠶᠢᠷᠢᠯᠠᠭᠤᠯᠤᠯᠲᠠ᠂  ᠲᠤᠰᠢᠶᠠᠯ ᠬᠠᠷᠢᠭᠤᠴᠠᠯᠭ᠎ᠠ ᠪᠣᠯᠤᠨ ᠣᠷᠣᠨ ᠲᠣᠭᠠᠨ ᠤ ᠵᠦᠶᠯᠡᠰ ᠢ ᠠᠰ ᠲᠤᠨᠢ ᠲᠣᠭᠲᠠᠭᠠᠨ᠎ᠠ᠃

            ᠳᠣᠯᠣᠳᠤᠭᠠᠷ ᠵᠦᠢᠯ  ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ

        ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ

        ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃

            ᠨᠠᠶᠮᠠᠳᠤᠭᠠᠷ ᠵᠦᠢᠯ  ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

            ᠠᠵᠢᠯᠯᠠᠬᠤ ᠭᠠᠵᠠᠷ᠄ ᠣᠷᠳᠣᠰ ᠤᠨ ᠭᠦᠸᠧ ᠲᠠᠢ ᠬᠤᠳᠠᠯᠳᠤᠭᠠᠨ ᠤ ᠶᠠᠪᠤᠳᠠᠯ ᠤᠨ ᠠᠭᠤᠳᠠᠮ ᠲᠠᠯᠠᠪᠠᠶ ᠶᠢᠨ T 6 ᠠᠰᠠᠷ  ᠤᠨ 16  ᠳᠠᠪᠬᠤᠷᠭ᠎ᠠ

            ᠠᠯᠪᠠᠯᠠᠬᠤ ᠤᠲᠠᠰᠤ᠄ 0477——8589505 ᠹᠠᠺᠰ᠄ 0477——8589514

            ᠠᠵᠢᠯᠯᠠᠬᠤ ᠴᠠᠭ᠄ 9᠄ 00——12᠄ 00 14᠄ 00——17᠄ 30

            ᠰᠢᠦᠳᠠᠨ ᠳ᠋ᠤᠭᠠᠷ᠄ 017000

            ᠰᠦᠯᠵᠢᠶᠡᠨ‌ᠬᠠᠶ᠋ᠢᠭ᠄ http᠄ / / kjj . ordos . gov . cn /᠃

        ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ