ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ | ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ᠃ | ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ 爱享365_365bet官网娱乐_365ba | ᠣᠷᠳᠣᠨ ᠠᠴᠠ ᠵᠥᠪᠰᠢᠶᠡᠷᠡᠭᠰᠡᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠣᠷᠳᠣᠰ ᠬᠤᠲᠠ ᠶᠢᠨ ᠳᠠᠷᠤᠮᠠᠯᠯᠠᠨ | ᠲᠠᠷᠬᠠᠭᠠᠭᠰᠠᠨ ︽ᠣᠷᠳᠣᠰ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ︾ ᠢ ᠦᠨᠳᠦᠰᠦᠯᠡᠨ᠂ ᠲᠤᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ ᠂ ᠵᠢᠩᠬᠢᠨᠢ ᠰᠢᠶᠠᠨ ᠤ ᠳᠡᠰ ᠤᠨ ᠪᠠᠶᠢᠭᠤᠯᠭ᠎ᠠ ᠪᠣᠯᠣᠨ᠎ᠠ᠃ ᠣᠷᠳᠣᠰ ᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠫᠠᠶᠢᠰᠠ ᠶᠢ ᠡᠯᠭᠦᠨ᠎ᠡ᠃ | ᠭᠤᠷᠪᠠᠳᠤᠭᠠᠷ ᠵᠦᠢᠯ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠠᠵᠢᠯ ᠤᠨ ᠲᠤᠬᠠᠶ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠲᠣᠰᠢᠶᠠᠯ ᠬᠠᠷᠢᠭᠤᠴᠠᠯᠭ᠎ᠠ ᠪᠠᠨ | ᠭᠦᠶᠴᠡᠳᠬᠡᠬᠦ ᠶᠠᠪᠤᠴᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ | ᠭᠤᠣᠯ ᠲᠤᠰᠢᠶᠠᠯ ᠬᠠᠷᠢᠭᠤᠴᠠᠯᠭ᠎ᠠ ᠨᠢ᠄ | ︵ᠨᠢᠭᠡ ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠬᠠᠢ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠳᠣᠰ ᠬᠤᠲᠠ ᠶᠢᠨ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠬᠤ | ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ | ︵ᠬᠤᠶᠠᠷ︶ ᠵᠠᠬ᠎ᠠ ᠳᠡᠯᠭᠡᠭᠦᠷ ᠲᠤ ᠶᠡᠷᠤᠩᠭᠡᠶᠢᠯᠡᠨ ᠬᠢᠨᠠᠯᠲᠠ ᠳᠠᠯᠪᠢᠵᠤ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ᠂ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠪᠠ ᠳᠠᠸᠠᠷ ᠤᠨ | ᠳᠡᠮᠳᠡᠭ ᠤᠨ ᠨᠠᠷᠠᠲᠤ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠤ ᠠᠬᠤᠶᠢᠯᠠᠯ᠂ | ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶᠠᠵᠢᠯ ᠪᠣᠯᠤᠨ ᠡᠵᠡᠩᠨᠡᠯᠲᠡ ᠬᠢᠵᠦ ᠪᠠᠶᠢᠭ᠎ᠠ ᠨᠢᠭᠡᠴᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ | ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ︵ᠭᠠᠵᠠᠷ ᠣᠷᠣᠨ︶ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ ᠵᠡᠷᠭᠡ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ | ᠢᠯᠡ ᠨᠡᠶᠢᠲᠡᠯᠡᠬᠦ᠂ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ | ᠡᠳ᠋ᠯᠡᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠳᠣᠭᠳᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ | ︵ᠳᠥᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ | ᠬᠠᠷᠢᠭᠤᠴᠠᠨ᠎ᠠ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠡᠩᠨᠡᠬᠡᠨ ᠤ ᠴᠡᠭᠴᠡᠯᠡᠯᠳᠡ | ᠪᠠᠶᠢᠭᠤᠯᠤᠯᠳᠠ ᠶᠢ ᠵᠢᠯᠤᠭᠤᠳᠴᠤ᠂ ᠨᠢᠭᠡᠳᠦᠯᠲᠡᠢ ᠬᠠᠮᠢᠶᠠᠷᠤᠯᠲᠠ ᠶᠢ ᠠᠬᠢᠭᠤᠯᠤᠨ᠎ᠠ᠃ ᠬᠦᠨᠳᠦ ᠨᠣᠴᠢᠲᠠᠢ ᠬᠠᠤᠯᠢ ᠵᠥᠷᠢᠴᠡᠭᠰᠡᠨ ᠬᠡᠷᠡᠭ᠂ ᠬᠤᠰᠢᠭᠤ ᠲᠣᠭᠤᠷᠢᠭ | ᠠᠯᠤᠰᠯᠠᠭᠰᠠᠨ ᠬᠠᠤᠯᠢ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠢᠢᠳᠪᠤᠷᠢᠯᠠᠵᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠲᠠᠪᠤ︶ ᠭᠠᠭᠴᠠᠭᠠᠷ ᠡᠵᠡᠮᠰᠢᠬᠦ ᠶᠢ ᠡᠰᠡᠷᠭᠦᠴᠡᠵᠤ ᠨᠢᠭᠡᠳᠦᠯᠲᠡᠢ ᠪᠠᠷ ᠬᠠᠤᠯᠢ ᠬᠡᠷᠡᠭᠵᠢᠭᠦᠯᠬᠦ ᠶᠢ ᠬᠠᠷᠢᠭᠤᠴᠠᠨ᠎ᠠ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ | ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠲᠦᠷᠢᠮ ᠢ ᠵᠢᠯᠣᠭᠤᠳᠤᠨ ᠬᠡᠷᠡᠭᠵᠢᠭᠦᠯᠦᠨ᠎ᠡ | ᠃ ᠡᠵᠡᠩᠨᠡᠭᠴᠢ ᠶᠢᠨ ᠲᠦᠪᠯᠡᠷᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠡᠷᠭᠡ ᠣᠯᠭᠤᠯᠳᠠ ᠪᠠᠷ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠢᠨᠠᠨ ᠪᠠᠶᠢᠴᠠᠭᠠᠯᠲᠠ | ᠬᠢᠵᠦ᠂ ᠭᠠᠭᠠᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠤᠨ ᠵᠠᠬᠢᠷᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠪᠠ ᠵᠠᠰᠠᠭ ᠵᠠᠬᠢᠷᠭᠠᠨ ᠤ ᠡᠷᠬᠡ | ᠶᠢ ᠳᠤᠷ᠎ᠠ ᠪᠠᠷ ᠢᠶᠠᠨ ᠬᠡᠷᠡᠭᠯᠡᠨ ᠥᠷᠢᠰᠥᠯᠳᠦᠭᠡᠨ ᠢ ᠠᠷᠢᠯᠭᠠᠬᠤ᠂ ᠬᠢᠵᠠᠭᠠᠷᠯᠠᠬᠤ ᠵᠢᠴᠢ ᠦᠨ᠎ᠡ ᠬᠠᠩᠰᠢ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠬᠦ ᠶᠢ | ᠡᠰᠡᠷᠭᠦᠴᠡᠵᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠳᠡᠭᠡᠷᠡᠬᠢ ᠳᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ | ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠳᠠ ᠳᠠᠯᠪᠢᠨ ᠬᠠᠮᠢᠶᠠᠷᠤᠯᠳᠠ ᠬᠢᠨ᠎ᠠ᠃ ᠦᠨ᠎ᠡ ᠬᠠᠩᠰᠢ ᠰᠦᠢᠳᠭᠡᠯ ᠬᠤᠷᠢᠶᠠᠯᠳᠠ ᠶᠢᠨ ᠬᠠᠣᠯᠢ ᠴᠠᠭᠠᠵᠠ ᠬᠠᠥᠯᠢ | ᠲᠤᠭᠳᠠᠭᠠᠯ ᠠᠴᠠ ᠵᠦᠷᠢᠴᠡᠭᠰᠡᠨ᠂ ᠵᠦᠢ ᠪᠤᠰᠤ ᠪᠠᠷ ᠥᠷᠢᠰᠥᠯᠳᠦᠭᠰᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ | ᠪᠣᠷᠣᠯᠠᠭᠤᠯᠤᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ | ᠬᠠᠭᠤᠷᠮᠠᠭ ᠴᠢᠨᠠᠷ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ | ᠵᠢᠯᠤᠭᠤᠳᠤᠨ᠎ᠠ ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠳᠤ ᠬᠢᠨᠠᠯᠳᠠ ᠬᠠᠮᠢᠶᠠᠷᠤᠯᠳᠠ ᠬᠢᠨ᠎ᠡ᠃ | ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠵᠢᠯᠤᠭᠤᠳᠤᠨ᠎ᠠ᠃ ᠣᠷᠳᠣᠰ ᠬᠤᠲᠠ ᠶᠢᠨ ᠬᠡᠷᠡᠭᠯᠡᠭᠴᠢᠳ ᠤᠨ | ᠨᠡᠶᠢᠭᠡᠮᠯᠢᠭ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ︵ᠳᠣᠯᠤᠭ᠎ᠠ︶ ᠶᠠᠰᠤ ᠴᠢᠨᠠᠷ ᠤᠨ ᠬᠤᠷᠸ᠎ᠠ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠨ᠂ ᠦᠢᠯᠡᠳᠬᠦᠨ ᠤ ᠶᠠᠰᠤ | ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠪᠠᠶᠢᠭᠤᠯᠬᠤ ᠶᠢᠨ | ᠬᠠᠮᠲᠤ ᠨᠢᠭᠡᠳᠦᠯᠲᠡᠶ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠨ᠎ᠠ᠃ | ︵ᠨᠠᠶᠮᠠ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯ | ᠦᠭᠡᠶ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠪᠦᠬᠦ ᠬᠤᠲᠠ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠶᠤᠯ ᠦᠭᠡᠶ ᠶᠢᠨ ᠨᠡᠬᠡᠮᠵᠢᠯᠡᠬᠦ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠤᠷᠢᠯᠡᠯ ᠢ ᠵᠥᠪᠰᠢᠶᠡᠷᠡᠬᠦ ᠬᠠᠮᠢᠶᠠᠷᠤᠯᠲᠠ ᠪᠣᠯᠤᠨ | ᠰᠢᠬᠢᠷᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠶᠢᠰᠦ︶ ᠣᠨᠴᠠ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠶ ᠶᠢᠨ ᠬᠢᠨᠠᠯᠲᠠ ᠳᠠᠯᠪᠢᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃ ᠣᠨᠴᠠ ᠲᠥᠷᠥᠯ ᠤᠨ | ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠤᠭᠳᠠᠯ ᠢᠶᠠᠷ ᠶᠡᠭᠡ | ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠳᠠ ᠬᠢᠨ᠎ᠠ᠃ | | ︵ᠠᠷᠪᠠ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠤᠭᠳᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠶᠳᠪᠦᠷᠢᠯᠡᠬᠦ ᠪᠠ ᠪᠠᠶᠢᠴᠠᠭᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ | ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠢᠳᠡᠭᠡᠨ ᠤ ᠦᠢᠯᠡᠳᠪᠤᠷᠢᠯᠡᠯ᠂ ᠭᠦᠢᠯᠭᠡᠭᠡ᠂ ᠬᠡᠷᠡᠭᠯᠡᠭᠡ ᠶᠢᠨ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ | ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠦᠢᠯᠡᠳᠪᠤᠷᠢᠯᠡᠵᠤ | ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠠᠮᠤᠷ ᠲᠦᠪᠰᠢᠨ | ᠤ ᠨᠡᠬᠡᠮᠵᠢᠯᠡᠬᠦ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ | ᠬᠢᠨᠠᠨ ᠬᠡᠮᠵᠢᠬᠦ᠂ ᠬᠢᠨᠠᠨ ᠪᠠᠶᠢᠴᠠᠭᠠᠵᠤ ᠰᠢᠶᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠪᠠ ᠤᠨᠴᠠᠭᠠᠢ ᠢᠳᠡᠭᠡᠨ ᠢ ᠵᠦᠪᠰᠢᠶᠡᠷᠡᠬᠦ᠂ ᠳᠠᠩᠰᠠᠯᠠᠬᠤ᠂ | ᠬᠢᠨᠠᠨ ᠬᠠᠮᠢᠶᠠᠷᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠤ᠂ | ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠲᠤᠭ᠎ᠠ ᠬᠡᠮᠵᠢᠭᠳᠡᠯ ᠢ ᠳᠠᠮᠵᠢᠭᠤᠯᠬᠤ ᠪᠠ | ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠯᠲᠠ ᠲᠠᠯᠪᠢᠨ᠎ᠠ | ᠃ | ︵ᠠᠷᠪᠠᠨ ᠬᠤᠶᠠᠷ︶ ᠪᠦᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠢ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠡᠯ᠎ᠡ ᠠᠵᠢᠯ ᠲᠥᠷᠥᠯ ᠡᠯ᠎ᠡ ᠬᠦᠷᠢᠶ᠎ᠡ ᠴᠠᠷ᠎ᠠ ᠶᠢᠨ | ᠪᠠᠷᠢᠮᠵᠢᠶᠠᠵᠢᠭᠤᠯᠬᠤ ᠠᠵᠢᠯ ᠳᠤ ᠣᠷᠣᠯᠴᠠᠬᠤ ᠶᠢ ᠠᠬᠢᠭᠤᠯᠤᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ | ᠶᠢ ᠬᠡᠷᠡᠭᠵᠢᠭᠦᠯᠦᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠰᠢᠯᠭᠠᠨ ᠪᠠᠶᠢᠴᠠᠭᠠᠵᠤ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ | ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ | ᠬᠥᠭᠵᠢᠯᠲᠡ ᠶᠢ ᠵᠤᠬᠢᠴᠠᠭᠤᠯᠤᠨ ᠵᠢᠯᠤᠭᠤᠳᠣᠨ᠎ᠠ᠃ | ︵ᠠᠷᠪᠠᠨ ᠳᠥᠷᠪᠡ︶ ᠪᠦᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠤᠩᠭᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠡᠷᠡᠴᠢᠯᠡᠵᠦ ᠵᠥᠪᠰᠢᠶᠡᠷᠡᠬᠦ ᠪᠠ ᠦᠨᠡᠯᠡᠨ ᠲᠣᠭᠲᠠᠭᠠᠬᠤ ᠳᠤ | ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠳᠦᠬᠡᠯᠳᠡ᠂ ᠬᠡᠷᠡᠭᠯᠡᠯᠳᠡ᠂ ᠬᠠᠮᠠᠭᠠᠯᠠᠯᠲᠠ᠂ ᠬᠠᠮᠢᠶᠠᠷᠤᠯᠲᠠ | ᠪᠠ ᠦᠢᠯᠡᠴᠢᠯᠡᠬᠡᠨ ᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ | ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠪᠡᠯᠡ ᠮᠥᠩᠭᠦ ᠶᠢ ᠬᠠᠮᠢᠶᠠᠷᠴᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠪᠢᠷᠠᠭᠤᠯᠬᠤ ᠴᠢᠬᠤᠯᠠ ᠶᠡᠭᠡ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ | ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠶᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ | ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ ᠰᠢᠶᠳᠪᠦᠷᠢᠯᠡᠬᠦ ᠶᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ | ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠢᠯᠤᠭᠤᠳᠣᠨ ᠵᠣᠬᠢᠶᠠᠨ ᠪᠠᠶᠢᠭᠤᠯᠤᠨ᠎ᠠ ᠃ | ︵ᠠᠷᠪᠠᠨ ᠳᠣᠯᠤᠭ᠎ᠠ ︶ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠬᠤ ᠵᠡᠷᠭᠡ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠠᠩᠬᠠᠨ ᠤ ᠬᠢᠨᠠᠯᠲᠠ᠂ ᠡᠮ ᠤᠨ ᠵᠦᠶᠯ ᠤᠨ ᠦᠶᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠡᠷᠬᠡ ᠣᠯᠭᠤᠯᠲᠠ ᠳᠤ ᠬᠤᠪᠢᠷᠠᠯᠲᠠ ᠭᠠᠷᠤᠭᠰᠠᠨ ᠡᠮ | ᠤᠨ ᠵᠦᠢᠯ ᠤᠨ ᠦᠢᠯᠡᠳᠪᠤᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠠᠩᠰᠠᠯᠠᠯ ᠵᠢᠴᠢ ᠪᠥᠬᠦ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ | ᠮᠣᠩᠭᠤᠯ ᠡᠮ ᠤᠨ ᠨᠠᠶᠢᠷᠠᠭᠤᠯᠭ᠎ᠠ ᠶᠢ ᠳᠣᠭᠢᠷᠠᠭᠤᠯᠤᠨ ᠬᠡᠷᠡᠭᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠢ ᠬᠠᠷᠢᠭᠤᠴᠠᠨ᠎ᠠ᠃ ᠮᠣᠩᠭᠤᠯ ᠡᠮ ᠢ ᠰᠤᠳᠤᠯᠤᠨ ᠦᠶᠯᠡᠳᠬᠦ | ᠂ ᠦᠶᠯᠡᠳᠪᠦᠷᠢᠯᠡᠬᠦ᠂ ᠭᠦᠶᠯᠭᠡᠭᠡᠬᠦ ᠪᠠ ᠬᠡᠷᠡᠭᠯᠡᠬᠦ ᠡᠯ᠎ᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠤᠨ | ᠡᠵᠡᠩᠨᠡᠯᠳᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠣᠯᠤᠨ ᠬᠡᠷᠡᠭᠯᠡᠯᠳᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ | ᠲᠠᠯᠪᠢᠨ ᠬᠡᠷᠡᠭᠵᠢᠭᠦᠯᠦᠨ᠎ᠡ᠃ ᠨᠢᠭᠡᠳᠦᠭᠡᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠢ ᠳᠠᠩᠰᠠᠯᠠᠬᠤ᠂ ᠦᠢᠯᠡᠳᠪᠦᠷᠢᠯᠡᠬᠦ ᠠᠵᠤ | ᠠᠬᠤᠶᠢᠯᠠᠯ ᠢ ᠳᠠᠩᠰᠠᠯᠠᠬᠤ ᠶᠢ ᠬᠠᠷᠢᠭᠤᠴᠠᠨ᠎ᠠ᠃ ᠡᠮ ᠤᠨ ᠵᠦᠢᠯ ᠤᠨ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠬᠦ ᠶᠢ | ᠵᠦᠪᠰᠢᠶᠡᠷᠡᠬᠦ᠂ ᠪᠠᠶᠢᠴᠠᠭᠠᠯᠲᠠ ᠬᠢᠬᠦ ᠪᠠ ᠰᠢᠳᠬᠡᠨ ᠲᠣᠷᠭᠠᠬᠤ ᠵᠢᠴᠢ ᠵᠠᠰᠠᠯ ᠴᠢᠮᠡᠭ ᠤᠨ ᠡᠳ᠋ ᠤᠨ ᠡᠵᠡᠩᠨᠡᠯᠲᠡ ᠪᠣᠯᠤᠨ ᠡᠮ ᠤᠨ ᠵᠦᠢᠯ᠂ ᠡᠮᠴᠢᠯᠡᠭᠡᠨ ᠤ ᠪᠠᠭᠠᠵᠢ | ᠬᠡᠷᠡᠭᠰᠡᠯ ᠢ ᠬᠡᠷᠡᠭᠯᠡᠬᠦ ᠭᠤᠭᠴᠤᠭ᠎ᠠ ᠶᠢᠨ ᠶᠠᠰᠤ ᠴᠢᠨᠠᠷ ᠤᠨ ᠪᠠᠶᠢᠴᠠᠭᠠᠯᠲᠠ ᠬᠢᠬᠦ ᠪᠣᠯᠤᠨ ᠰᠢᠳᠬᠡᠨ ᠲᠣᠷᠭᠠᠬᠤ ᠶᠢ ᠬᠠᠷᠢᠭᠤᠴᠠᠨ᠎ᠠ᠃ | ︵ᠠᠷᠪᠠᠨ ᠨᠠᠶᠮᠠ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠵᠢᠵᠢᠭ ᠪᠢᠴᠢᠯ ᠠᠵᠤ | ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠪᠦᠬᠦ | ᠬᠤᠲᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠢᠭᠤᠯᠤᠯᠲᠠ ᠶᠢᠨ ᠡᠪᠯᠡᠯ ᠤᠨ ᠪᠠᠶᠢᠭᠤᠯᠤᠯᠳᠠ ᠶᠢᠨ ᠠᠵᠢᠯ ᠢ ᠵᠢᠯᠣᠭᠤᠳᠤᠨ᠎ᠠ᠃ | ︵ᠠᠷᠪᠠ ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ | ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢ ︶ ᠬᠤᠲᠠ ᠶᠢᠨ ᠲᠣᠰ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠤᠩᠭᠡᠶᠢᠯᠡᠨ ᠬᠠᠤᠯᠢ ᠬᠡᠷᠡᠭᠵᠢᠭᠦᠯᠬᠦ | ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠴᠢᠨᠠᠷᠲᠠᠢ ᠬᠤᠰᠢᠭᠤ ᠲᠣᠭᠤᠷᠢᠭ ᠠᠯᠤᠰᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷ᠎ᠠ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠨ᠎ᠡ᠃ | ᠬᠤᠰᠢᠭᠤ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶ᠎ᠠ ᠪᠦᠬᠦᠢ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠂ ᠬᠢᠨᠠᠯᠲᠠ ᠲᠠᠯᠪᠢᠵᠤ | ᠬᠠᠮᠢᠶᠠᠷᠤᠨ᠎ᠠ᠃ | ︵ᠬᠤᠷᠢᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠷᠢᠨ ᠬᠤᠶᠠᠷ︶ ᠴᠢᠳᠠᠪᠬᠢ ᠶᠢᠨ ᠬᠤᠪᠢᠶᠠᠷᠢᠯᠡᠯᠳᠠ᠃ | 1 . ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠬᠡᠪᠡᠷ ᠠᠬᠢᠭᠤᠯᠤᠨ᠎ᠠ᠃ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ | ᠳᠦᠭᠦᠭᠡᠷᠤᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠤᠷᠮᠠᠰᠢᠭᠤᠯᠬᠤ ᠲᠦᠷᠢᠮ ᠢ ᠲᠡᠭᠦᠯᠳᠡᠷᠵᠢᠭᠦᠯᠦᠨ᠂ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠠᠯ ᠢ ᠠᠯᠪᠠᠳᠠᠨ | ᠮᠡᠳᠡᠭᠦᠯᠬᠦ ᠳᠦᠷᠢᠮ ᠵᠢᠴᠢ ᠡᠵᠡᠩᠨᠡᠭᠴᠢ ᠠᠴᠠ ᠬᠠᠷᠢᠭᠤᠴᠠᠯᠭ᠎ᠠ ᠠᠠᠰᠠᠭᠤᠬᠤ ᠪᠠ ᠲᠥᠯᠥᠪᠦᠷᠢ ᠶᠢ ᠤᠷᠢᠳᠠᠪᠠᠷ ᠥᠭᠬᠦ ᠳᠦᠷᠢᠮ ᠢ ᠨᠠᠶᠢᠳᠠᠪᠤᠷᠢᠵᠢᠭᠤᠯᠵᠤ᠂ | ᠭᠤᠷᠪᠠᠳᠤᠭᠠᠷ ᠳᠠᠯ᠎ᠠ ᠶᠢᠨ ᠶᠠᠰᠤ ᠴᠢᠨᠠᠷ ᠲᠤ ᠦᠨᠡᠯᠡᠯᠲᠡ ᠶᠢᠨ ᠰᠢᠨ᠎ᠡ ᠶᠢ ᠡᠭᠦᠳᠴᠦ᠂ ᠦᠢᠯᠡᠳᠪᠤᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠦᠢᠯᠡᠳᠬᠦᠨ | ᠬᠢᠭᠡᠳ ᠦᠢᠯᠡᠴᠢᠯᠡᠭᠡᠨ ᠤ ᠪᠠᠷᠢᠮᠵᠢᠶ᠎ᠠ ᠶᠢ ᠥᠪᠡᠷ ᠢᠶᠠᠨ ᠢᠯᠡᠷᠭᠡᠶᠢᠯᠡᠨ ᠢᠯᠡ ᠪᠣᠯᠭᠠᠬᠤ ᠪᠠ ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠡᠷᠢᠭᠦᠨ ᠤ ᠮᠡᠷᠭᠡᠵᠢᠯ ᠲᠠᠢ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠪᠤᠶᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠭᠤᠯᠤᠯᠳᠠ ᠪᠠᠷ ᠶᠠᠰᠤ ᠴᠢᠨᠠᠷ ᠤᠨ ᠬᠦᠴᠦᠷᠭᠡᠭ | ᠬᠤᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 2 . ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠤᠨ᠎ᠠ᠃ ᠦᠶᠯᠡᠳᠪᠦᠷᠢ ᠬᠤᠳᠠᠯᠳᠤᠭ᠎ᠠ ᠶᠢᠨ ᠳᠠᠩᠰᠠᠯᠠᠯᠳᠠ ᠶᠢᠨ ᠲᠦᠷᠢᠮ | ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠤᠴᠠᠭᠠᠨ ᠭᠠᠷᠭᠠᠬᠤ ᠵᠡᠷᠭᠡ ᠲᠦᠷᠢᠮ ᠢ ᠥᠭᠡᠷᠡᠴᠢᠯᠡᠨ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠦᠨᠡᠮᠯᠡᠯ | ᠣᠯᠭᠤᠭᠰᠡᠨ ᠤ ᠳᠠᠷᠠᠭ᠎ᠠ ᠭᠡᠷᠡᠴᠢ ᠶᠢ ᠬᠠᠰᠤᠬᠤ︾ ᠶᠢ ᠠᠬᠢᠭᠤᠯᠤᠨ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠴᠠᠭ ᠢ ᠤᠬᠤᠷ ᠪᠤᠯᠭᠠᠨ᠎ᠠ᠃ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ | ᠠᠯᠬᠤᠮ ᠴᠥᠭᠡᠳᠬᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠶᠡᠭᠡ ᠪᠠᠷ ᠪᠠᠭᠠᠰᠬᠠᠨ ᠂ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ | 3 . ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ ᠃ ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ | ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠵᠢᠷᠤᠮᠯᠠᠨ᠂ ᠢᠳᠡᠭᠡᠨ ᠪᠠ ᠡᠮ ᠤᠨ ᠵᠦᠶᠯ | ᠤᠨ ᠠᠮᠤᠷ ᠲᠦᠪᠰᠢᠨ᠂ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠴᠢᠩᠭ᠎ᠠ ᠰᠢᠶᠳᠬᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠠᠷᠠᠳ ᠣᠯᠠᠨ ᠢ ᠬᠤᠳᠠᠯᠳᠤᠨ ᠠᠪᠬᠤ ᠂ | ᠬᠡᠷᠡᠭᠯᠡᠬᠦ᠂ ᠢᠳᠡᠬᠦ ᠳᠤ ᠰᠠᠨᠠᠭ᠎ᠠ ᠠᠮᠤᠷ ᠪᠠᠶᠢᠯᠭᠠᠨ᠎ᠠ᠃ | 4 . ᠬᠡᠷᠡᠭ ᠤᠨ ᠳᠣᠮᠳᠠ ᠬᠡᠷᠡᠭ ᠤᠨ ᠬᠤᠶᠢᠨᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ | ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠪᠠᠷᠢᠯ ᠢ ᠲᠦᠷᠭᠡᠨ ᠢᠶᠠᠷ ᠬᠦᠴᠦᠨ ᠦᠭᠡᠢ ᠪᠣᠯᠭᠠᠵᠤ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ᠂ ᠵᠦᠢ ᠪᠤᠰᠤ | ᠥᠷᠢᠰᠥᠯᠳᠦᠭᠡᠨ ᠢ ᠡᠰᠡᠷᠭᠦᠴᠡᠬᠦ ᠨᠢᠭᠡᠳᠣᠯᠳᠠᠢ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠪᠠᠷᠢᠮᠵᠢᠶ᠎ᠠ ᠶᠢ ᠦᠨᠳᠦᠰᠦᠯᠡᠨ ᠬᠢᠨᠠᠨ ᠬᠠᠮᠢᠶᠠᠷᠬᠤ ᠶᠢ | ᠴᠢᠩᠭᠠᠳᠬᠠᠵᠤ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠤᠰ ᠳᠠᠰᠢᠷᠠᠮ᠂ ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + | ᠬᠢᠨᠠᠨ ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ | ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠷ ᠠᠷᠭ᠎ᠠ ᠪᠠᠷᠢᠯ ᠪᠣᠯᠭᠠᠭᠰᠠᠨ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ | 5 . ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠤᠨ ᠵᠠᠭᠠᠯᠳᠤᠯᠭ᠎ᠠ᠂ ᠶᠠᠰᠤ ᠴᠢᠨᠠᠷ ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠂ ᠢᠳᠡᠭᠡᠨ ᠪᠠ ᠡᠮ ᠤᠨ ᠵᠦᠶᠯ ᠤᠨ ᠵᠠᠭᠠᠯᠳᠤᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ᠂ ᠦᠨ᠎ᠡ ᠬᠠᠩᠰᠢ ᠶᠢᠨ ᠢᠯᠡᠴᠢᠯᠡᠨ | ᠮᠡᠳᠡᠭᠦᠯᠬᠦ ᠲᠤᠰᠬᠠᠶ ᠤᠳᠠᠰᠤ ᠶᠢ ᠲᠦᠷᠭᠡᠨ ᠢᠶᠠᠷ ᠡᠮᠬᠢᠯᠡᠨ ᠨᠡᠶᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠷᠣᠬᠤ ᠶᠢ ᠵᠦᠪᠰᠢᠶᠡᠷᠡᠬᠦ ᠠᠴᠠ | ᠪᠤᠴᠠᠭᠠᠨ ᠭᠠᠷᠭᠠᠬᠤ ᠪᠥᠬᠦ ᠶᠠᠪᠤᠴᠠ ᠶᠢ ᠳᠥᠭᠦᠮ ᠳᠦᠳᠡᠴᠢᠯᠡᠬᠦ ᠶᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠶᠯᠡᠰ᠂ ᠰᠢᠨ᠎ᠡ ᠡᠵᠡᠩᠨᠡᠯᠲᠡ ᠶᠢᠨ | ᠬᠡᠯᠪᠡᠷᠢ᠂ ᠰᠢᠨ᠎ᠡ ᠬᠡᠪ ᠵᠠᠭᠪᠤᠷ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠵᠦ᠂ ᠲᠣᠮᠣ ᠳ᠋ᠠᠶᠢᠲ᠋ᠠ ᠶᠢ ᠬᠡᠷᠡᠭᠯᠡᠨ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠦᠢᠯᠡᠴᠢᠯᠡᠬᠦ ᠦᠶᠯᠡᠴᠢᠯᠡᠭᠡ ᠶᠢ ᠴᠢᠩᠭᠠᠳᠬᠠᠨ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ᠂ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠪᠠ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠢᠳᠡᠪᠬᠢᠲᠡᠶ ᠪᠠᠷ ᠦᠶᠯᠡᠴᠢᠯᠡᠵᠦ᠂ ᠲᠦᠭ ᠲᠦᠮᠡᠨ ᠢᠶᠠᠷ ᠢᠶᠠᠨ ᠠᠳᠠᠯ ᠦᠶᠯᠡᠰ ᠴᠣᠭᠴᠠᠯᠠᠨ᠂ | ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ | 6 . ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠠᠯᠬᠤᠮ ᠴᠤᠪᠤᠷᠠᠯ ᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠪᠦᠲᠦᠮᠵᠢᠲᠡᠶ ᠠᠰᠢᠭᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠬᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠲᠦᠷᠭᠡᠳᠬᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠴᠤᠭᠯᠠᠭᠤᠯᠤᠨ᠂ ᠠᠵᠤ ᠦᠢᠯᠡᠰ ᠤᠨ ᠬᠦᠷᠢᠶ᠎ᠡ ᠴᠠᠷ᠎ᠠ | ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠵᠠᠮᠴᠢᠯᠠᠬᠤ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠳᠤ | ᠪᠠᠶᠢᠴᠠᠭᠠᠨ ᠯᠠᠪᠯᠠᠬᠤ ᠠᠰᠠᠭᠤᠨ ᠯᠠᠪᠯᠠᠬᠤ ᠵᠡᠷᠭᠡ ᠳᠥᠭᠦᠮ ᠳᠥᠲᠡ ᠦᠢᠯᠡᠴᠢᠯᠡᠭᠡ ᠶᠢ ᠬᠠᠩᠭᠠᠵᠤ᠂ ᠮᠡᠳᠡᠭᠡ ᠵᠠᠩᠭᠢ ᠶᠢ ᠰᠦᠢᠳᠬᠡᠯ ᠬᠤᠷᠢᠶᠠᠬᠤ ᠦᠭᠡᠶ ᠪᠤᠶᠤ | ᠳᠣᠣᠷ᠎ᠠ ᠥᠪᠡᠷ ᠤᠨ ᠥᠷᠲᠡᠭ ᠢᠶᠠᠷ ᠨᠡᠭᠡᠭᠡᠬᠦ ᠶᠢ ᠪᠡᠶᠡᠯᠡᠭᠦᠯᠦᠨ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠ | ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ ᠃ ᠲᠠᠸᠠᠷ ᠤᠨ ᠲᠡᠮᠳᠡᠭ ᠢ ᠵᠠᠪᠳᠤᠨ ᠳᠠᠩᠰᠠᠯᠠᠭᠤᠯᠬᠤ᠂ ᠬᠡᠪ ᠤᠨ ᠪᠤᠰᠤ ᠶᠢᠨ ᠲᠤᠰᠬᠠᠶ | ᠠᠰᠢᠭ ᠢ ᠭᠤᠶᠤᠴᠢᠯᠠᠬᠤ ᠵᠡᠷᠭᠡ ᠦᠢᠯᠡ ᠠᠵᠢᠯᠯᠠᠭ᠎ᠠ ᠶᠢᠨ ᠢᠲᠡᠭᠡᠮᠵᠢ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠲᠠᠸᠠᠷ ᠤᠨ ᠲᠡᠮᠳᠡᠭ ᠢ ᠳᠠᠩᠰᠠᠯᠠᠭᠤᠯᠬᠤ | ᠪᠠ ᠲᠤᠰᠬᠠᠶ ᠠᠰᠢᠭ ᠢ ᠭᠤᠶᠤᠴᠢᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠬᠤᠷᠢᠨ ᠭᠤᠷᠪᠠ︶ ᠬᠠᠮᠢᠶ᠎ᠠ ᠪᠦᠬᠦᠢ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | 1. ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠲᠤᠬᠠᠢ ᠶᠠᠯᠠᠲᠤ ᠬᠡᠷᠡᠭ ᠢ ᠳᠠᠩᠨᠠᠬᠤ | ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠠᠵᠢᠯ ᠢ | ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠨᠢ ᠶᠠᠯ᠎ᠠ ᠬᠢᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠦᠳᠲᠡᠷ ᠲᠦᠷᠭᠡᠨ ᠬᠢᠨᠠᠨ ᠪᠠᠶᠢᠴᠠᠭᠠᠬᠤ ᠶᠢᠨ ᠬᠠᠮᠲᠤ | ᠬᠠᠤᠯᠢ ᠶᠣᠰᠣᠭᠠᠷ ᠬᠡᠷᠡᠭ ᠪᠣᠯᠭᠠᠨ ᠳᠠᠩᠰᠠᠯᠠᠬᠤ ᠡᠰᠡᠬᠦ ᠶᠢᠨ ᠲᠤᠬᠠᠢ ᠲᠣᠭᠲᠠᠭᠠᠯ ᠭᠠᠷᠭᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠮᠠᠭᠠᠳᠯᠠᠨ ᠲᠣᠭᠲᠠᠭᠠᠬᠤ ᠵᠡᠷᠭᠡ ᠳᠠᠯ᠎ᠠ ᠪᠠᠷ | ᠬᠠᠮᠵᠢᠯᠴᠠᠬᠤ ᠶᠢ ᠬᠠᠤᠯᠢ ᠶᠣᠰᠣᠭᠠᠷ ᠳᠣᠷᠠᠳᠣᠨ ᠳᠡᠪᠰᠢᠭᠦᠯᠦᠭᠰᠡᠨ ᠪᠤᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠬᠠᠮᠵᠢᠯᠴᠠᠪᠠᠯ ᠵᠤᠬᠢᠨ᠎ᠠ᠃ | 2 . ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ︵1︶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠳᠡᠰᠢᠨ ᠤ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢᠨ ᠳᠠᠷᠢᠵᠤ | ᠲᠡᠵᠢᠭᠡᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ ᠵᠢᠵᠢᠭᠯᠡᠨ ᠬᠤᠳᠠᠯᠳᠤᠬᠤ᠂ ᠵᠠᠬ᠎ᠠ ᠳᠡᠯᠭᠡᠭᠦᠷ ᠪᠤᠶᠤ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠯᠠᠯ ᠳᠤ | ᠣᠷᠣᠬᠤ ᠠᠴᠠ ᠡᠮᠤᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠳᠠᠷᠢᠶᠠᠯᠠᠩ ᠤᠨ ᠪᠦᠳᠦᠭᠡᠭᠳᠡᠭᠦᠨ | ᠮᠠᠯ ᠤᠨ ᠠᠰᠢᠭ ᠰᠢᠮ᠎ᠡ ᠶᠢᠨ ᠪᠦᠭᠡᠮ ᠢᠶᠠᠷ ᠬᠤᠳᠠᠯᠳᠣᠬᠤ᠂ ᠵᠢᠵᠢᠭᠯᠡᠨ ᠬᠤᠳᠠᠯᠳᠣᠬᠤ ᠵᠠᠬ᠎ᠠ ᠳᠡᠯᠭᠡᠭᠦᠷ ᠪᠤᠶᠤ ᠦᠢᠯᠡᠳᠪᠤᠷᠢᠯᠡᠵᠤ ᠡᠳ᠋ᠰᠢᠯᠡᠭᠦᠯᠭᠦ ᠠᠵᠤ ᠠᠬᠤᠶᠢᠯᠠᠯ | ᠳᠤ ᠣᠷᠣᠭᠰᠡᠨ ᠤ ᠳᠠᠷᠠᠭ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠠᠴᠠ ᠬᠢᠨᠠᠯᠳᠠ ᠳᠠᠯᠪᠢᠨ ᠬᠠᠮᠢᠶᠠᠷᠤᠨ᠎ᠠ᠃ | ︵2 ︶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠮᠠᠯ ᠵᠢᠭᠦᠷᠲᠡᠨ | ᠢ ᠨᠢᠲᠤᠯᠬᠤ ᠭᠤᠭᠴᠤᠭ᠎ᠠ᠂ ᠲᠦᠭᠦᠬᠡᠶ ᠰᠦ ᠬᠤᠳᠠᠯᠳᠤᠨ ᠠᠪᠬᠤ ᠭᠤᠭᠴᠤᠭ᠎ᠠ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ᠃ | ︵3 ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠲᠠᠢ ᠢᠳᠡᠭᠡᠨ ᠤ ᠠᠮᠤᠷ | ᠲᠦᠪᠰᠢᠨ ᠢ ᠭᠠᠷᠤᠯᠲᠠ ᠶᠢᠨ ᠭᠠᠵᠠᠷ ᠠᠴᠠ ᠵᠥᠪᠰᠢᠶᠡᠷᠡᠨ ᠭᠠᠷᠭᠠᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠮᠥᠷᠳᠡᠬᠦ ᠲᠣᠭᠲᠠᠴᠠ ᠶᠢ | ᠪᠠᠶᠢᠭᠤᠯᠵᠤ᠂ ᠵᠤᠬᠢᠴᠠᠯᠳᠣᠨ ᠬᠠᠮᠵᠢᠯᠴᠠᠬᠤ ᠪᠠ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠨ᠂ ᠬᠢᠨᠠᠨ ᠬᠠᠮᠢᠶᠠᠷᠬᠤ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠎ᠠ | ᠃ | 3 . ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠠᠷ ᠳᠠᠮᠵᠢᠨ ᠢᠳᠡᠭᠡᠨ ᠤ ᠠᠮᠤᠷ ᠲᠦᠪᠰᠢᠨ ᠤ ᠳᠡᠯᠳᠡ ᠬᠡᠮ ᠢ ᠢᠯᠡᠷᠡᠭᠦᠯᠬᠦ ᠪᠤᠶᠤ ᠢᠳᠡᠭᠡᠨ ᠤ ᠠᠮᠤᠷ | ᠲᠦᠪᠰᠢᠨ ᠤ ᠳᠠᠯᠳᠠ ᠭᠡᠮ ᠤᠨ ᠢᠯᠡᠴᠢᠯᠡᠨ ᠮᠡᠳᠡᠭᠦᠯᠦᠯᠳᠡ ᠶᠢ ᠬᠦᠯᠢᠶᠡᠨ ᠤᠯᠪᠠᠯ᠂ ᠳᠠᠷᠤᠶᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤᠨᠢ ᠮᠡᠳᠡᠭᠦᠯᠵᠦ᠂ ᠠᠶᠤᠯ ᠲᠠᠢ ᠭᠡᠰᠡᠨ ᠳ᠋ᠦᠩᠨᠡᠯᠲᠡ ᠭᠠᠷᠭᠠᠭᠰᠠᠨ | ᠢᠳᠡᠭᠡᠨ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠷᠤᠶᠢᠬᠠᠨ ᠠᠷᠭ᠎ᠠ ᠬᠡᠮᠵᠢᠶ᠎ᠡ ᠠᠪᠤᠨ᠎ᠠ᠃ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ | ᠳᠤ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠢᠯᠡᠷᠡᠭᠦᠯᠪᠡᠯ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠴᠠᠭ ᠲᠤᠬᠠᠶ ᠳᠤᠨᠢ | ᠰᠠᠨᠠᠭᠤᠯᠭ᠎ᠠ ᠲᠤᠷᠠᠳᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠠᠢ ᠬᠠᠮᠲᠤᠷᠠᠨ ᠡᠮ ᠤᠨ ᠵᠦᠶᠯ ᠤᠨ ᠮᠠᠭᠤ ᠦᠢᠯᠡᠳᠦᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠣ ᠬᠦᠨᠳᠦ ᠶᠡᠭᠡ ᠬᠡᠷᠡᠭ ᠢ ᠬᠠᠷᠢᠯᠴᠠᠨ | ᠮᠡᠳᠡᠭᠳᠡᠬᠦ ᠂ ᠬᠠᠮᠲᠤᠷᠠᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ | 4 . ᠣᠷᠳᠣᠰ ᠪᠣᠭᠤᠮᠲᠠ ᠲᠠᠢ ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ︵1︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠳᠣᠰ ᠪᠣᠭᠤᠮᠲᠠ ᠲᠠᠢ ᠬᠠᠷᠢᠯᠴᠠᠨ ᠨᠡᠪᠲᠡᠷᠡᠯᠴᠡᠵᠦ ᠬᠠᠷᠢᠯᠴᠠᠨ | ᠬᠤᠯᠪᠣᠭᠠᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠂ | ᠢᠳᠡᠭᠡᠨ᠂ ᠵᠠᠰᠠᠯ ᠴᠢᠮᠡᠭ ᠤᠨ ᠡᠳ᠋ ᠢ ᠳᠠᠬᠢᠨ ᠳᠠᠪᠳᠠᠨ ᠰᠢᠯᠭᠠᠨ ᠪᠠᠶᠢᠴᠠᠭᠠᠬᠤ᠂ ᠳᠠᠬᠢᠨ ᠳᠠᠪᠳᠠᠨ ᠰᠦᠢᠳᠬᠡᠯ ᠬᠤᠷᠢᠶᠠᠬᠤ᠂ ᠳᠠᠬᠢᠨ ᠳᠠᠪᠳᠠᠨ ᠰᠢᠳᠬᠡᠨ | ᠲᠣᠷᠭᠠᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠦᠨ᠎ᠡ᠃ | ︵2︶ ᠣᠷᠳᠣᠰ ᠪᠣᠭᠤᠮᠲᠠ ᠭᠠᠳᠠᠭᠠᠳᠤ ᠠᠴᠠ ᠣᠷᠣᠭᠤᠯᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠠᠳᠠᠭᠠᠳᠤ ᠠᠴᠠ | ᠣᠷᠣᠭᠤᠯᠬᠤ ᠢᠳᠡᠭᠡᠨ ᠵᠢᠴᠢ ᠢᠳᠡᠭᠡᠨ ᠯᠦᠭᠡ ᠬᠤᠯᠪᠣᠭᠳᠠᠬᠤ ᠦᠢᠯᠡᠳᠬᠦᠨ ᠨᠢ ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ | ᠳᠤ ᠨᠡᠶᠢᠴᠡᠭᠰᠡᠨ ᠪᠠᠶᠢᠬᠤ ᠬᠡᠷᠡᠭᠲᠡᠶ᠃ ᠬᠢᠯᠢ ᠠᠴᠠ ᠭᠠᠷᠤᠭᠰᠠᠨ ᠢᠳᠡᠭᠡᠨ ᠤ ᠠᠮᠤᠷ ᠲᠦᠪᠰᠢᠨ ᠤ ᠬᠡᠷᠡᠭ ᠨᠢ ᠳᠤᠮᠳᠠᠳᠤ ᠤᠯᠤᠰ ᠤᠨ ᠬᠢᠯᠢ ᠳᠣᠲᠣᠷ᠎ᠠ ᠨᠥᠯᠥᠭᠡ | ᠪᠣᠯᠵᠤ ᠮᠡᠳᠡᠬᠦ ᠪᠤᠶᠤ ᠭᠠᠳᠠᠭᠠᠳᠤ ᠠᠴᠠ ᠣᠷᠣᠭᠤᠯᠬᠤ ᠢᠳᠡᠭᠡᠨ ᠤ ᠳᠣᠲᠣᠷ᠎ᠠ ᠠᠴᠠ ᠢᠳᠡᠭᠡᠨ ᠤ ᠠᠮᠤᠷ ᠲᠦᠪᠰᠢᠨ ᠤ ᠬᠦᠨᠳᠦ ᠨᠣᠴᠢᠲᠠᠶ ᠠᠰᠠᠭᠤᠳᠠᠯ ᠢ ᠣᠯᠵᠤ | ᠮᠡᠳᠡᠪᠡᠯ᠂ ᠣᠷᠳᠣᠰ ᠪᠣᠭᠤᠮᠲᠠ ᠴᠠᠭ ᠲᠤᠬᠠᠶ ᠳᠤᠨᠢ ᠲᠦᠭᠰᠢᠭᠦᠷᠢ ᠶᠢ ᠰᠡᠷᠡᠮᠵᠢᠯᠡᠭᠦᠯᠬᠦ ᠪᠤᠶᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠴᠠᠭ ᠲᠤᠬᠠᠶ | ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠤᠨ᠎ᠠ ᠃ | ︵3︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠣᠷᠳᠣᠰ ᠪᠤᠭᠤᠮᠳᠠ ᠲᠠᠢ ᠭᠠᠳᠠᠭᠠᠳᠣ ᠠᠴᠠ ᠣᠷᠣᠭᠤᠯᠬᠤ | ᠦᠢᠯᠡᠳᠭᠦᠨ ᠤ ᠭᠡᠮ ᠰᠣᠭᠤᠭ ᠤᠨ ᠮᠡᠳᠡᠭᠡ ᠵᠠᠩᠬᠢ ᠶᠢ ᠮᠡᠳᠡᠭᠳᠡᠬᠦ ᠪᠠ ᠬᠠᠮᠵᠢᠯᠴᠠᠬᠤ ᠲᠤᠭᠳᠠᠴᠠ ᠶᠢ ᠪᠠᠶᠢᠭᠤᠯᠤᠨ᠎ᠠ᠃ ᠣᠷᠳᠣᠰ ᠪᠣᠭᠤᠮᠲᠠ ᠪᠣᠭᠤᠮᠲᠠ ᠶᠢᠨ | ᠰᠢᠯᠭᠠᠨ ᠪᠠᠶᠢᠴᠠᠭᠠᠵᠤ ᠬᠢᠨᠠᠨ ᠬᠠᠮᠢᠶᠠᠷᠬᠤ ᠳᠤᠮᠳᠠ ᠬᠢᠷᠢ ᠲᠡᠩᠴᠡᠬᠦ ᠦᠭᠡᠶ ᠪᠤᠶᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠭᠠᠳᠠᠭᠠᠳᠤ ᠠᠴᠠ | ᠣᠷᠣᠭᠤᠯᠤᠭᠰᠠᠨ ᠦᠢᠯᠡᠳᠬᠦᠨ ᠢ ᠣᠯᠵᠤ ᠮᠡᠳᠡᠪᠡᠯ᠂ ᠬᠠᠤᠯᠢ ᠶᠣᠰᠣᠭᠠᠷ ᠮᠡᠷᠭᠡᠵᠢᠯ ᠤᠨ ᠰᠢᠶᠳᠪᠦᠷᠢᠯᠡᠯᠲᠡ ᠬᠢᠬᠦ᠂ ᠪᠤᠴᠠᠭᠠᠨ ᠳᠡᠭᠡᠭᠡᠪᠤᠷᠢᠯᠡᠬᠦ᠂ ᠤᠰᠠᠳᠬᠠᠬᠤ ᠶᠢ | ᠬᠡᠷᠡᠭᠵᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠨ᠎ᠡ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠠᠵᠢᠯ ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ | ᠤᠨ ᠮᠡᠳᠡᠭᠦᠯᠦᠯᠲᠡ᠂ ᠠᠳᠡᠯ ᠤᠨ ᠪᠠᠶᠢᠴᠠᠭᠠᠯᠲᠠ᠂ ᠭᠡᠮᠲᠦᠯ ᠢ ᠬᠢᠨᠠᠨ ᠬᠡᠮᠵᠢᠬᠦ ᠵᠡᠷᠭᠡ ᠪᠠᠷ ᠳᠠᠮᠵᠢᠨ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠳᠤ ᠭᠡᠮ | ᠰᠣᠭᠤᠭ ᠣᠷᠣᠰᠢᠵᠤ ᠪᠠᠶᠢᠬᠤ ᠣᠯᠵᠣ ᠮᠡᠳᠡᠪᠡᠯ᠂ ᠡᠭᠡᠭᠦᠯᠦᠨ ᠠᠪᠴᠢᠷᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︔ ᠡᠭᠡᠭᠦᠯᠦᠨ ᠠᠪᠴᠢᠷᠠᠬᠤ | ᠡᠭᠦᠷᠭᠡ ᠪᠠᠨ ᠭᠦᠶᠴᠡᠳᠬᠡᠬᠦ ᠥᠬᠡᠶ ᠪᠣᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠶᠢᠨ ᠰᠠᠯᠠᠭ᠎ᠠ ᠮᠥᠴᠢᠷ ᠲᠤ | ᠮᠡᠳᠡᠭᠳᠡᠵᠦ᠂ ᠣᠷᠳᠣᠰ ᠪᠣᠭᠤᠮᠲᠠ ᠠᠴᠠ ᠬᠠᠤᠯᠢ ᠶᠣᠰᠣᠭᠠᠷ ᠵᠣᠬᠢᠬᠤ ᠠᠷᠭ᠎ᠠ ᠬᠡᠮᠵᠢᠶ᠎ᠡ ᠠᠪᠤᠨ᠎ᠠ᠃ | 5 . ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠬᠤ ᠲᠣᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ︵1︶ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠭᠠᠳᠠᠭᠠᠳᠤ ᠳᠤ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠣᠴᠢᠷ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠠᠵᠤ ᠠᠬᠤᠶ ᠠᠷᠠᠯᠵᠢᠶ᠎ᠠ ᠯᠤᠭ᠎ᠠ ᠬᠤᠯᠪᠣᠭᠳᠠᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠣᠯᠠᠨ ᠳᠠᠯ᠎ᠠ ᠬᠤᠶᠠᠷ ᠳᠠᠯ᠎ᠠ ᠶᠢᠨ | ᠭᠠᠳᠠᠭᠠᠳᠣ ᠬᠡᠯᠡᠯᠴᠡᠭᠡ ᠬᠢᠬᠦ᠂ ᠬᠤᠶᠠᠷ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠯᠴᠠᠭ᠎ᠠ ᠶᠢ ᠵᠥᠪᠳᠡᠯᠴᠡᠬᠦ ᠲᠣᠭᠲᠠᠴᠠ ᠵᠡᠷᠭᠡ | ᠠᠵᠢᠯ ᠢ ᠬᠠᠷᠢᠭᠤᠴᠠᠨ᠎ᠠ᠃ | ︵2︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ | ᠬᠠᠷᠢᠭᠤᠴᠠᠨ᠎ᠠ᠃ ᠠᠷᠢᠬᠢᠨ ᠤ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠳᠠᠭᠠᠬᠤ ᠶᠢ | ᠬᠠᠷᠢᠭᠤᠴᠠᠨ᠎ᠠ᠃ | ︵3︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠤᠨ ᠭᠠᠭᠴᠠᠭᠠᠷ ᠡᠵᠡᠮᠰᠢᠬᠦ ᠶᠢ ᠡᠰᠡᠷᠭᠦᠴᠡᠬᠦ | ᠲᠦᠪᠯᠡᠷᠡᠭᠦᠯᠦᠨ ᠬᠠᠥᠯᠢ ᠬᠡᠷᠡᠭᠵᠢᠭᠦᠯᠬᠦ ᠶᠢ ᠬᠠᠷᠢᠭᠤᠴᠠᠵᠤ᠂ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ ᠠᠵᠢᠯᠯᠠᠭ᠎ᠠ | ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠵᠦ᠂ ᠠᠷᠢᠬᠢᠨ ᠤ ᠵᠦᠶᠯ ᠤᠨ ᠭᠦᠶᠯᠭᠡᠭᠡᠨ ᠤ ᠬᠢᠨᠠᠨ ᠬᠠᠮᠢᠶᠠᠷᠤᠯᠲᠠ ᠪᠠ ᠠᠷᠢᠬᠢᠨ ᠤ ᠵᠦᠶᠯ ᠤᠨ ᠢᠳᠡᠭᠡᠨ ᠤ | ᠠᠮᠤᠷ ᠲᠦᠪᠰᠢᠨ ᠢ ᠬᠠᠷᠢᠭᠤᠴᠠᠨ᠎ᠠ᠃ | ︵4︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠮ ᠤᠨ ᠵᠦᠶᠯ ᠤᠨ ᠭᠦᠶᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠵᠦᠢᠯ ᠢ ᠬᠢᠨᠠᠨ | ᠬᠠᠮᠢᠶᠠᠷᠬᠤ ᠠᠵᠢᠯ ᠤᠨ ᠳᠤᠮᠳᠠ ᠪᠠᠨ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠬᠠᠮᠵᠢᠯᠴᠠᠨ | ᠬᠡᠷᠡᠭᠵᠢᠭᠦᠯᠦᠨ᠎ᠡ᠃ | 6 . ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠬᠤᠲᠠ ᠶᠢᠨ ᠰᠣᠨᠢᠨ ᠮᠡᠳᠡᠭᠡ ᠬᠡᠪᠯᠡᠯ ᠷᠠᠳᠢᠣ᠋᠂ ᠺᠢᠨᠣ᠋ ᠲᠧᠯᠸᠢᠰ ᠤᠨ ᠲᠣᠪᠴᠢᠶ᠎ᠠ︶ ᠲᠠᠢ | ᠬᠤᠯᠪᠣᠭᠳᠠᠬᠤ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ᠵᠣᠬᠢᠶᠠᠯ ᠪᠦᠲᠦᠭᠡᠯ ᠤᠨ ᠡᠷᠬᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ | ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠴᠢᠳᠠᠪᠬᠢ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠵᠢᠯ ᠬᠤᠪᠢᠶᠠᠷᠢᠯᠠᠨ ᠭᠦᠢᠴᠡᠳᠬᠡᠨ᠎ᠡ᠃ | ᠳᠥᠷᠪᠡᠳᠦᠭᠡᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷ ᠮᠡᠳᠣ ᠳᠣᠲᠣᠭᠠᠳᠤ ᠶᠢᠨ ᠪᠠᠶᠢᠭᠤᠯᠤᠮᠵᠢ ᠶᠢ | ᠪᠠᠶᠢᠭᠤᠯᠤᠨ᠎ᠠ᠄ | ︵ᠨᠢᠭᠡ ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ᠂ ᠴᠠᠬᠢᠯᠭᠠᠨ ᠮᠡᠳᠡᠭᠡ᠂ ᠬᠤᠷᠠᠯ ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠵᠠᠬᠢᠳᠠᠯ ᠰᠣᠷᠪᠣᠯᠵᠢᠯᠠᠭ᠎ᠠ ᠂ ᠵᠠᠰᠠᠭ ᠤᠨ ᠶᠠᠪᠤᠳᠠᠯ ᠢ ᠱᠠᠯᠠᠪᠳᠠᠭᠤᠯᠤᠨ ᠪᠠᠶᠢᠴᠠᠭᠠᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠪᠢᠴᠢᠭ ᠮᠠᠲ᠋ᠧᠷᠢᠶᠠᠯ᠂ ᠡᠬᠡ ᠪᠢᠴᠢᠭ ᠢ | ᠲᠤᠭᠤᠷᠪᠢᠬᠤ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠳᠡᠯᠡᠬᠦ ᠳᠦᠷᠢᠮ ᠢ | ᠲᠤᠭᠤᠷᠪᠢᠨ ᠲᠤᠭᠳᠠᠭᠠᠵᠤ᠂ ᠮᠡᠳᠡᠭᠡ ᠵᠠᠩᠭᠢ᠂ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠳᠡᠯᠡᠬᠦ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠶᠳᠪᠦᠷᠢᠯᠡᠬᠦ ᠠᠵᠢᠯ ᠢ | ᠵᠢᠯᠣᠭᠤᠳᠤᠨ᠎ᠠ᠃ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | ︵ᠬᠤᠶᠠᠷ ︶ ᠶᠡᠷᠦᠩᠬᠡᠶᠢᠯᠡᠭᠰᠡᠨ ᠲᠥᠯᠥᠪᠵᠢᠭᠦᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠮᠡᠳᠡᠭᠡ ᠵᠠᠩᠭᠢ ᠶᠢᠨ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠵᠣᠬᠢᠴᠠᠭᠤᠯᠤᠨ ᠠᠬᠢᠭᠤᠯᠬᠤ ᠲᠠᠯ᠎ᠠ ᠪᠠᠷ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠪᠣᠯᠤᠨ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠳᠣᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ ᠬᠠᠮᠳᠣ | ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠮᠡᠷᠭᠡᠵᠢᠯ ᠤᠨ ᠪᠠᠶᠢᠭᠤᠯᠤᠮᠵᠢ ᠶᠢᠨ ᠬᠠᠮᠢᠶ᠎ᠠ ᠪᠦᠬᠦᠢ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠶᠢ ᠳᠤᠷᠠᠳᠤᠨ ᠭᠠᠷᠭᠠᠵᠤ᠂ | ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠣᠳᠣᠯᠣᠯ ᠤᠨ ᠪᠤᠭᠤᠮᠳᠠ ᠰᠢᠪᠳᠦᠯᠬᠤ᠂ ᠮᠡᠷᠭᠡᠵᠢᠯ ᠣᠷᠣᠭᠤᠯᠬᠤ᠂ ᠬᠠᠮᠲᠤᠷᠠᠯᠴᠠᠭ᠎ᠠ ᠰᠣᠯᠢᠯᠴᠠᠭ᠎ᠠ ᠬᠢᠬᠦ᠂ ᠦᠷ᠎ᠡ | ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠳᠠ ᠶᠢ ᠨᠢᠭᠡᠳᠦᠯᠲᠡᠢ ᠲᠦᠯᠦᠪᠯᠡᠨ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃ | ᠶᠡᠷᠦᠩᠬᠡᠶᠢᠯᠡᠭᠰᠡᠨ ᠠᠵᠢᠯ ᠪᠣᠯᠤᠨ ᠬᠠᠮᠢᠶᠠᠷᠬᠤ ᠡᠲᠡᠭᠡᠳ ᠤᠨ ᠪᠣᠯᠪᠣᠰᠤᠷᠠᠯ ᠤᠨ ᠠᠵᠢᠯ ᠢ ᠬᠠᠷᠢᠭᠤᠴᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ | ᠠᠵᠢᠯ ᠢ ᠡᠭᠦᠷᠭᠡᠯᠡᠨ᠎ᠡ᠃ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠵᠢᠷᠤᠭᠯᠠᠨ ᠲᠥᠯᠥᠪᠯᠡᠬᠦ᠂ ᠴᠢᠯᠥᠭᠡᠲᠦ ᠲᠠᠰᠤᠯᠤᠯᠲᠠ ᠶᠢᠨ ᠡᠷᠬᠡ | ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ | ᠢ ᠵᠢᠷᠤᠮᠵᠢᠭᠤᠯᠤᠨ᠎ᠠ᠃ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ ᠠᠵᠢᠯ᠂ ᠬᠠᠣᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠳᠥᠷᠪᠡ ︶ ᠡᠳ᠋ ᠤᠨ ᠶᠠᠪᠤᠳᠠᠯ ᠂ ᠲᠤᠨᠤᠭᠯᠠᠯ ᠤᠨ ᠰᠠᠯᠠᠭ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ᠂ ᠬᠢᠨᠠᠨ ᠪᠤᠳᠤᠯᠳᠠ᠂ ᠲᠥᠰᠦᠪ | ᠪᠠ ᠲᠥᠰᠦᠪ ᠤᠨ ᠭᠦᠢᠴᠡᠳᠬᠡᠯ᠂ ᠭᠠᠶᠢᠯᠢ ᠶᠢᠨ ᠪᠤᠰᠤ ᠣᠷᠣᠯᠭ᠎ᠠ᠂ ᠤᠯᠤᠰ ᠤᠨ ᠦᠮᠴᠢᠯᠡᠯᠳᠣ ᠡᠳ᠋ ᠬᠦᠷᠦᠩᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠦᠨᠳᠦᠰᠦᠨ ᠪᠦᠳᠦᠭᠡᠨ ᠪᠠᠶᠢᠭᠤᠯᠤᠯᠲᠠ ᠪᠠ ᠡᠯ᠎ᠡ ᠲᠦᠷᠦᠯ ᠤᠨ ᠪᠡᠯᠡ ᠮᠥᠩᠭᠦ᠂ ᠲᠤᠰᠬᠠᠢ ᠬᠡᠷᠡᠭᠯᠡᠭᠡᠨ ᠤ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠤᠨᠤᠭᠯᠠᠯ ᠲᠣᠬᠢᠷᠠᠭᠤᠯᠬᠤ ᠠᠵᠢᠯ ᠢ ᠵᠢᠯᠣᠭᠤᠳᠤᠨ᠎ᠠ᠃ | ︵ᠲᠠᠪᠤ︶ ᠠᠵᠢᠯᠲᠠᠨ ᠤ ᠶᠠᠪᠤᠳᠠᠯ ᠬᠥᠮᠦᠵᠢᠯ ᠪᠠ ᠠᠵᠢᠯ ᠤᠨ ᠦᠷ᠎ᠡ ᠪᠦᠲᠦᠮᠵᠢ ᠶᠢ ᠰᠢᠯᠭᠠᠨ ᠲᠣᠭᠲᠠᠭᠠᠬᠤ ᠰᠠᠯᠠᠭ᠎ᠠ | ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠴᠢᠳᠠᠪᠤᠷᠢᠲᠠᠨ ᠢ | ᠬᠥᠮᠦᠵᠢᠭᠦᠯᠬᠦ᠂ ᠬᠥᠳᠡᠯᠮᠦᠷᠢ ᠴᠠᠯᠢᠩ ᠮᠦᠩᠬᠦ ᠵᠡᠷᠭᠡ ᠠᠵᠢᠯ ᠢ ᠬᠠᠷᠢᠭᠤᠴᠠᠨ᠎ᠠ ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠩᠨᠡᠭᠡ ᠶᠢᠨ | ᠵᠢᠷᠤᠮᠵᠢᠭᠰᠡᠨ ᠪᠠᠶᠢᠭᠤᠯᠤᠯᠳᠠ ᠶᠢᠨ ᠠᠵᠢᠯ ᠢ ᠡᠭᠦᠷᠭᠡᠯᠡᠨ ᠵᠢᠯᠣᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠬᠠᠷᠢᠭᠤᠴᠠᠨ᠎ᠠ ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠨ ᠤ ᠬᠠᠷᠠᠯᠲᠠ ᠪᠠ ᠰᠢᠯᠭᠠᠨ ᠬᠢᠨᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ ᠃ | ︵ᠵᠢᠷᠭᠤᠭ᠎ᠠ ︶ ᠬᠠᠤᠯᠢ ᠬᠡᠷᠡᠭᠵᠢᠭᠦᠯᠦᠯᠲᠡ ᠮᠥᠷᠳᠡᠨ ᠪᠠᠶᠢᠴᠠᠭᠠᠬᠤ ᠲᠣᠪᠴᠢᠶ᠎ᠠ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠵᠢᠴᠢ ᠮᠦᠷᠳᠡᠨ ᠪᠠᠶᠢᠴᠠᠭᠠᠬᠤ ᠬᠡᠷᠡᠭ ᠰᠢᠶᠳᠪᠦᠷᠢᠯᠡᠬᠦ ᠳᠦᠷᠢᠮ ᠠᠷᠭ᠎ᠠ | ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠬᠦ᠂ | ᠦᠶᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ ᠳᠤᠮᠳᠠᠬᠢ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠬᠡᠷᠡᠭ ᠢ ᠪᠠᠶᠢᠴᠠᠭᠠᠨ | ᠰᠢᠶᠳᠪᠦᠷᠢᠯᠡᠬᠦ ᠠᠵᠢᠯ ᠢ ᠵᠢᠯᠣᠭᠤᠳᠤᠨ ᠪᠠᠶᠢᠴᠠᠭᠠᠨ ᠰᠢᠶᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠤᠷᠢᠯᠡᠨ᠎ᠡ᠃ ᠨᠥᠯᠥᠭᠡᠯᠡᠬᠦ ᠬᠡᠪᠴᠢᠶ᠎ᠡ ᠪᠠᠷ ᠥᠷᠭᠡᠨ ᠪᠤᠶᠤ ᠬᠤᠰᠢᠭᠤ ᠲᠣᠭᠤᠷᠢᠭ ᠠᠯᠤᠰᠯᠠᠭᠰᠠᠨ | ᠵᠠᠰᠠᠭ ᠵᠠᠬᠢᠷᠭᠠᠨ ᠤ ᠬᠦᠨᠳᠦ ᠶᠡᠭᠡ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠶᠳᠪᠦᠷᠢᠯᠡᠬᠦ᠂ ᠱᠠᠯᠠᠪᠳᠠᠭᠤᠯᠤᠨ ᠪᠠᠶᠢᠴᠠᠭᠠᠵᠤ ᠰᠢᠶᠳᠪᠦᠷᠢᠯᠡᠭᠦᠯᠬᠦ ᠠᠵᠢᠯ ᠢ | ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠭᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ ᠃ | ︵ᠳᠣᠯᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ | ᠲᠣᠭᠲᠠᠭᠠᠭᠰᠠᠨ ᠡᠷᠬᠡ ᠶᠢᠨ ᠮᠡᠳᠡᠯ ᠤᠨ ᠬᠡᠪᠴᠢᠶ᠎ᠠ᠂ ᠵᠠᠰᠠᠭ ᠵᠠᠬᠢᠷᠭᠠᠨ ᠤ ᠵᠥᠪᠰᠢᠶᠡᠷᠡᠯ᠂ ᠨᠤᠲᠠᠯᠠᠬᠤ᠂ ᠱᠠᠩᠨᠠᠬᠤ᠂ ᠥᠭᠬᠦ ᠵᠦᠶᠯᠡᠰ ᠢ ᠭᠥᠯᠢᠶᠡᠨ ᠠᠪᠴᠤ | ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠪᠠ ᠡᠳᠦᠷ ᠲᠤᠲᠤᠮ ᠤᠨ ᠬᠠᠮᠢᠶᠠᠷᠤᠯᠲᠠ ᠦᠶᠯᠡᠴᠢᠯᠡᠭᠡᠨ ᠤ ᠲᠥᠷᠥᠯ ᠵᠡᠷᠭᠡ | ᠵᠦᠶᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ ᠡᠭᠦᠷᠭᠡᠯᠡᠨ᠎ᠡ ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠳᠤ ᠳᠡᠮᠵᠢᠯᠭᠡ ᠦᠵᠡᠭᠦᠯᠬᠦ ᠶᠢ ᠵᠣᠬᠢᠴᠠᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ᠂ ᠮᠡᠷᠭᠡᠵᠢᠯ ᠤᠨ ᠬᠢᠨᠠᠨ ᠬᠠᠷᠭᠤᠭᠤᠯᠬᠤ᠂ ᠬᠢᠨᠠᠨ ᠪᠠᠶᠢᠴᠠᠭᠠᠵᠤ | ᠵᠢᠷᠤᠮᠵᠢᠭᠤᠯᠬᠤ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ | ᠵᠦᠶᠯᠡᠰ ᠢ ᠭᠦᠶᠴᠡᠳᠬᠡᠬᠦ ᠶᠢ ᠬᠠᠷᠢᠭᠤᠴᠠᠨ᠎ᠠ ᠃ ᠵᠠᠰᠠᠭ ᠵᠠᠬᠢᠷᠭᠠᠨ ᠤ ᠡᠷᠬᠡ ᠲᠤᠰᠢᠶᠠᠯ᠂ ᠵᠠᠭᠤᠴᠢ ᠦᠶᠯᠡᠴᠢᠯᠡᠭᠡᠨ ᠤ ᠨᠠᠷᠢᠨ ᠳᠠᠩᠰᠠ ᠶᠢ ᠬᠥᠳᠡᠯᠦᠩᠭᠦᠶ ᠪᠠᠷ | ᠡᠮᠬᠢᠯᠡᠨ ᠢᠯᠡ ᠪᠣᠯᠭᠠᠵᠤ᠂ ︽ᠲᠠᠯᠪᠢᠬᠤ᠂ ᠬᠠᠮᠢᠶᠠᠷᠬᠤ᠂ ᠦᠶᠯᠡᠴᠢᠯᠡᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ | ᠲᠤᠭᠤᠷᠢᠨ ᠢ ᠰᠢᠯᠢᠳᠡᠭᠵᠢᠭᠦᠯᠬᠦ ᠠᠵᠢᠯ ᠢ ᠡᠭᠦᠷᠭᠡᠯᠡᠨ᠎ᠡ ᠃ | ︵ᠨᠠᠢᠮᠠ︶ ᠪᠦᠷᠢᠳᠬᠡᠨ ᠳᠠᠩᠰᠠᠯᠠᠬᠤ ᠰᠠᠯᠠᠭ᠎ᠠ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠶ ᠳᠠᠩᠰᠠᠯᠠᠨ ᠲᠡᠮᠳᠡᠭᠯᠡᠬᠦ ᠪᠠ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠬᠤ ᠳᠦᠷᠢᠮ ᠤᠨ ᠠᠷᠭ᠎ᠠ ᠬᠡᠮᠵᠢᠶ᠎ᠡ | ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢᠨ ᠡᠯᠧᠺᠲᠷᠤᠨᠴᠢᠯᠡᠬᠦ ᠠᠵᠢᠯ ᠢ | ᠵᠢᠯᠣᠭᠤᠳᠤᠨ᠎ᠠ᠃ ᠬᠢᠨᠠᠨ ᠵᠥᠪᠰᠢᠶᠡᠷᠡᠬᠦ ᠶᠢ ᠪᠠᠷᠢᠮᠵᠢᠶᠠᠵᠢᠭᠤᠯᠬᠤ ᠪᠠ ᠳᠥᠭᠦᠮ ᠳᠦᠳᠡᠴᠢᠯᠡᠭᠰᠡᠨ ᠬᠤᠳᠠᠯᠳᠤᠭ᠎ᠠ ᠡᠵᠡᠩᠨᠡᠬᠦ ᠲᠦᠷᠢᠮ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠳᠠᠩᠰᠠᠯᠠᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢᠨ ᠵᠠᠳᠠᠯᠤᠯᠲᠠ ᠶᠢ ᠢᠯᠡ ᠪᠣᠯᠭᠠᠬᠤ | ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠯᠠᠪᠯᠠᠬᠤ ᠦᠶᠯᠡᠴᠢᠯᠡᠭᠡ ᠶᠢ ᠬᠠᠤᠯᠢ ᠶᠣᠰᠣᠭᠠᠷ ᠬᠠᠩᠭᠠᠨ᠎ᠠ᠃ ᠬᠠᠮᠢᠶ᠎ᠠ ᠪᠦᠬᠦᠢ | ᠳᠠᠩᠰᠠᠯᠠᠨ ᠲᠡᠮᠳᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ | ᠦᠭᠡᠶ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠵᠢᠯᠣᠭᠤᠳᠤᠨ ᠪᠠᠶᠢᠴᠠᠭᠠᠨ ᠰᠢᠶᠳᠪᠦᠷᠢᠯᠡᠨ᠎ᠡ᠃ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ | ᠬᠥᠭᠵᠢᠯᠲᠡ ᠶᠢ ᠲᠡᠳᠬᠦᠵᠦ᠂ ᠵᠢᠵᠢᠭ ᠪᠢᠴᠢᠯ ᠠᠵᠤ ᠠᠬᠤᠶᠢᠯᠠᠯ ᠢ ᠬᠠᠮᠠᠭᠠᠯᠠᠬᠤ ᠠᠵᠢᠯ ᠢ ᠡᠭᠦᠷᠭᠡᠯᠡᠨ᠎ᠡ ᠃ | ︵ᠶᠢᠰᠦ ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃ | ᠢᠲᠡᠭᠡᠮᠵᠢ ᠶᠢᠨ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ︵ᠥᠪᠥᠷ ᠮᠣᠩᠭᠤᠯ ︶ ᠵᠢᠴᠢ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠠᠵᠢᠯ ᠳᠤ ᠬᠠᠮᠵᠢᠯᠴᠠᠨ᠎ᠠ᠃ ᠬᠡᠪ ᠤᠨ ᠪᠤᠰᠤ ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠪᠠ ︽ᠨᠡᠷ᠎ᠡ ᠶᠢᠨ | ᠬᠠᠷ᠎ᠠ ᠳᠠᠩᠰᠠ︾ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠ ᠨᠡᠶᠢᠲᠡ ᠳᠤ ᠵᠠᠷᠯᠠᠭᠰᠠᠨ ᠮᠡᠳᠡᠭᠡ | ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤᠪᠠᠷ ᠡᠳ᠋ᠯᠡᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠂ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ ᠢ ᠡᠭᠦᠷᠭᠡᠯᠡᠨ᠎ᠡ | ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠨ ᠤ ᠮᠡᠳᠡᠭᠦᠯᠦᠯᠲᠡ ᠶᠢᠨ ᠠᠵᠢᠯ ᠪᠠ ︽ ᠬᠤᠤᠰ ᠳᠠᠰᠢᠷᠠᠮ᠂ ᠨᠢᠭᠡ ᠶᠢ ᠢᠯᠡ ᠪᠣᠯᠭᠠᠬᠤ | ︾ ᠬᠠᠮᠲᠤᠷᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃ ᠪᠦᠬᠦ ᠬᠤᠲᠠ ᠶᠢᠨ ᠦᠶᠯᠡᠳᠬᠦᠨ ᠤ ᠶᠠᠰᠤ ᠴᠢᠨᠠᠷ ᠤᠨ ᠢᠲᠡᠭᠡᠮᠵᠢ ᠶᠢᠨ | ᠳᠦᠷᠢᠮ ᠢ ᠪᠠᠶᠢᠭᠤᠯᠤᠨ᠎ᠠ ᠃ | ︵ᠠᠷᠪᠠ︶ ᠬᠡᠷᠡᠭᠯᠡᠭᠡᠨ ᠤ ᠣᠷᠴᠢᠨ ᠲᠤᠭᠤᠷᠢᠨ ᠤ ᠪᠠᠶᠢᠭᠤᠯᠤᠯᠲᠠ ᠶᠢ ᠵᠢᠯᠣᠭᠤᠳᠬᠤ ᠰᠠᠯᠠᠭ᠎ᠠ᠃ ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶ᠎ᠡ ᠴᠠᠷᠠᠭ᠎ᠠ | ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ | ᠤᠨ ᠯᠠᠪᠯᠠᠯᠭ᠎ᠠ ᠠᠪᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠪᠠ ᠰᠦᠯᠵᠢᠶᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ᠬᠡᠷᠡᠭᠯᠡᠭᠡᠨ ᠤ ᠣᠷᠴᠢᠨ ᠲᠤᠭᠤᠷᠢᠨ ᠤ ᠪᠠᠶᠢᠭᠤᠯᠤᠯᠲᠠ ᠪᠣᠯᠤᠨ ᠦᠨᠡᠯᠡᠯᠲᠡ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ | ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠣᠷᠳᠣᠰ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ | ᠵᠢᠯᠣᠭᠤᠳᠤᠨ᠎ᠠ᠃ | ︵ᠠᠷᠪᠠᠨ ᠨᠢᠭᠡ ︶ ᠦᠨ᠎ᠡ ᠬᠠᠩᠰᠢ ᠳᠤ ᠬᠢᠨᠠᠯᠳᠠ ᠳᠠᠯᠪᠢᠵᠤ ᠪᠠᠶᠢᠴᠠᠭᠠᠯᠳᠠ ᠬᠢᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠲᠣᠪᠴᠢᠶ᠎ᠠ᠃ ᠦᠨ᠎ᠡ | ᠬᠠᠩᠰᠢ᠂ ᠰᠦᠢᠳᠬᠡᠯ ᠬᠤᠷᠢᠶᠠᠬᠤ ᠳᠤ ᠬᠢᠨᠠᠯᠳᠠ ᠳᠠᠯᠪᠢᠵᠤ ᠪᠠᠶᠢᠴᠠᠭᠠᠯᠳᠠ ᠬᠢᠬᠦ ᠬᠠᠮᠢᠶ᠎ᠠ ᠪᠦᠬᠦᠢ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ | ᠬᠢᠨᠠᠯᠲᠠ ᠲᠠᠯᠪᠢᠵᠤ ᠪᠠᠶᠢᠴᠠᠭᠠᠯᠳᠠ ᠬᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠶᠢᠨ ᠬᠠᠤᠯᠢ ᠲᠣᠭᠲᠠᠭᠠᠯ | ᠠᠴᠠ ᠵᠥᠷᠢᠴᠡᠭᠰᠡᠨ ᠠᠵᠢᠯᠯᠠᠭ᠎ᠠ ᠪᠣᠯᠤᠨ ᠵᠦᠢ ᠪᠤᠰᠤ ᠪᠠᠷ ᠥᠷᠢᠰᠥᠯᠳᠦᠬᠦ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ | ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ | ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ ᠶᠢᠨ ᠨᠠᠶᠢᠳᠠᠯᠭ᠎ᠠ ᠪᠠᠷ᠂ ᠭᠠᠭᠴᠠᠭᠠᠷ ᠡᠵᠡᠮᠰᠢᠬᠦ ᠶᠢ ᠡᠰᠡᠷᠭᠦᠴᠡᠬᠦ ᠬᠡᠷᠡᠭ ᠲᠤ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ᠃ ᠭᠤᠤᠯᠴᠢ | ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠬᠤᠶᠠᠷ︶ ᠰᠦᠯᠵᠢᠶᠡᠨ ᠤ ᠠᠷᠠᠯᠵᠢᠶ᠎ᠠ ᠶᠢᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠃ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ | ᠪᠦᠬᠦᠢ ᠦᠢᠯᠡᠴᠢᠯᠡᠭᠡ ᠳᠤ ᠬᠢᠨᠠᠯᠳᠠ ᠳᠠᠯᠪᠢᠵᠤ ᠬᠠᠮᠢᠶᠠᠷᠤᠯᠳᠠ ᠬᠢᠬᠦ ᠳᠦᠷᠢᠮ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ᠰᠦᠯᠵᠢᠶᠡᠨ ᠤ ᠠᠷᠠᠯᠵᠢᠶᠠᠨ ᠤ ᠲᠠᠪᠴᠠᠩ ᠪᠣᠯᠤᠨ ᠰᠦᠯᠵᠢᠶᠡᠨ ᠤ ᠡᠵᠡᠩᠨᠡᠯᠲᠡ ᠶᠢᠨ ᠭᠤᠤᠯ ᠴᠣᠭᠴᠠ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠰᠦᠯᠵᠢᠶᠡᠨ ᠤ ᠵᠠᠬ᠎ᠠ ᠳᠡᠯᠭᠡᠭᠦᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠡᠮᠬᠢ ᠳᠢᠭᠯᠢᠮ᠂ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ | ᠃ ᠭᠡᠷ᠎ᠡ᠂ ᠦᠨ᠎ᠡ ᠬᠠᠶᠠᠵᠤ ᠬᠤᠳᠠᠯᠳᠤᠬᠤ ᠠᠵᠢᠯᠯᠠᠭ᠎ᠠ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ | ᠬᠦᠷᠦᠩᠭᠡ ᠶᠢᠨ ᠪᠠᠷᠢᠴᠠᠭᠠᠨ ᠤ ᠡᠳ᠋ ᠢ ᠳᠠᠩᠰᠠᠯᠠᠬᠤ ᠠᠵᠢᠯ ᠢ ᠬᠠᠮᠢᠶᠠᠷᠤᠨ᠎ᠠ᠃ | ︵ᠠᠷᠪᠠᠨ ᠭᠤᠷᠪᠠ︶ ᠵᠠᠷ ᠮᠡᠳᠡᠭᠡ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠵᠠᠷ ᠮᠡᠳᠡᠭᠡᠨ ᠳᠤ ᠬᠢᠨᠠᠯᠲᠠ ᠲᠠᠯᠪᠢᠵᠤ | ᠬᠠᠮᠢᠶᠠᠷᠬᠤ ᠳᠦᠷᠢᠮ ᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠤᠨ ᠵᠠᠷ ᠮᠡᠳᠡᠭᠡ ᠨᠡᠶᠢᠲᠡᠯᠡᠭᠰᠡᠨ | ᠪᠠᠶᠢᠳᠠᠯ ᠢ ᠬᠢᠨᠠᠨ ᠰᠢᠨᠵᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠶᠳᠪᠦᠷᠢᠯᠡᠨ᠎ᠡ᠃ | ᠵᠠᠷ ᠮᠡᠳᠡᠭᠡ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠪᠠ ᠵᠠᠷ ᠮᠡᠳᠡᠭᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ ᠃ | ︵ᠠᠷᠪᠠᠨ ᠳᠦᠷᠪᠡ ︶ ᠶᠠᠰᠤ ᠴᠢᠨᠠᠷ ᠤᠨ ᠬᠥᠭᠵᠢᠯᠲᠡ ᠶᠢᠨ ᠰᠠᠯᠠᠭ᠎ᠠ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ | ᠴᠢᠨᠠᠷ ᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠶᠠᠰᠤ ᠴᠢᠨᠠᠷ ᠤᠨ ᠰᠠᠭᠤᠷᠢ ᠲᠦᠭᠦᠭᠡᠷᠤᠮᠵᠢ ᠶᠢᠨ ᠬᠠᠮᠵᠢᠯᠴᠠᠨ ᠦᠶᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠨ᠎ᠠ᠃ ᠶᠠᠰᠤ ᠴᠢᠨᠠᠷ ᠢᠶᠠᠷ ᠤᠷᠮᠠᠰᠢᠭᠤᠯᠬᠤ ᠳᠦᠷᠢᠮ᠂ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠢ ᠠᠯᠪᠠᠳᠠᠨ ᠮᠡᠳᠡᠭᠦᠯᠬᠦ᠂ ᠭᠡᠮ ᠰᠣᠭᠤᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ ᠵᠡᠷᠭᠡ | ᠳᠦᠷᠢᠮ ᠢ ᠨᠠᠶᠢᠳᠠᠪᠤᠷᠢᠵᠢᠭᠤᠯᠵᠤ᠂ ᠬᠠᠭᠤᠷᠮᠠᠭ ᠦᠢᠯᠡᠳᠬᠦᠨ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ | ᠤᠨ ᠬᠢᠨᠠᠯᠲᠠ ᠲᠠᠯᠪᠢᠵᠤ ᠬᠢᠨᠠᠨ ᠬᠡᠮᠵᠢᠬᠦ ᠪᠠ ᠶᠠᠰᠤ ᠴᠢᠨᠠᠷ ᠤᠨ ᠪᠠᠶᠢᠳᠠᠯ ᠳᠤ ᠵᠠᠳᠠᠯᠤᠯᠲᠠ ᠬᠢᠬᠦ ᠶᠢ ᠥᠷᠨᠢᠭᠦᠯᠦᠨ᠂ ᠶᠠᠰᠤ ᠴᠢᠨᠠᠷ ᠤᠨ ᠬᠦᠨᠳᠦ ᠶᠡᠭᠡ ᠠᠳᠡᠯ ᠤᠨ | ᠪᠠᠶᠢᠴᠠᠭᠠᠯᠲᠠ ᠳᠤ ᠬᠠᠮᠵᠢᠯᠴᠠᠨ᠎ᠠ᠃ ᠬᠤᠲᠠ ᠶᠢᠨ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ ︶ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠪᠦᠬᠦ ᠬᠤᠲᠠ ᠶᠢᠨ | ᠭᠤᠤᠯᠳᠠᠯᠭ᠎ᠠ ᠲᠠᠢ ᠬᠢᠨᠠᠯᠲᠠ ᠲᠠᠯᠪᠢᠬᠤ ᠦᠶᠯᠡᠳᠬᠦᠨ ᠤ ᠭᠠᠷᠴᠠᠭ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠯᠳᠠ | ᠳᠠᠯᠪᠢᠨ ᠬᠠᠮᠢᠶᠠᠷᠤᠯᠳᠠ ᠬᠢᠬᠦ ᠠᠵᠢᠯ ᠢ ᠡᠭᠦᠷᠭᠡᠯᠡᠨ᠎ᠡ᠃ ᠦᠢᠯᠡᠳᠬᠦᠨ ᠤ ᠶᠠᠰᠤ ᠴᠢᠨᠠᠷ ᠤᠨ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ | ᠬᠢᠨᠠᠯᠲᠠ ᠳᠠᠯᠪᠢᠯᠳᠠ ᠶᠢ ᠵᠢᠯᠣᠭᠤᠳᠤᠨ ᠵᠣᠬᠢᠴᠠᠭᠤᠯᠤᠨ᠎ᠠ᠃ ᠬᠤᠰᠢᠭᠤ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠦᠶᠯᠡᠳᠬᠦᠨ ᠤ ᠶᠠᠰᠤ ᠴᠢᠨᠠᠷ ᠲᠤ ᠬᠢᠨᠠᠯᠲᠠ | ᠲᠠᠯᠪᠢᠬᠤ ᠠᠵᠢᠯ ᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠢ ᠦᠢᠯᠡᠳᠪᠦᠷᠢᠯᠡᠬᠦ ᠶᠢ ᠵᠥᠪᠰᠢᠶᠡᠷᠡᠬᠦ ᠬᠠᠮᠢᠶᠠᠷᠤᠯᠲᠠ ᠪᠣᠯᠤᠨ ᠢᠳᠡᠭᠡᠨ ᠲᠠᠢ | ᠬᠤᠯᠪᠣᠭᠳᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ ᠬᠥᠪᠥᠩ ᠵᠡᠷᠭᠡ ᠰᠢᠬᠢᠷᠯᠢᠭ | ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠢᠳᠡᠭᠡᠨ ᠤ ᠠᠮᠤᠷ ᠲᠦᠪᠰᠢᠨ ᠢ ᠵᠣᠬᠢᠴᠠᠭᠤᠯᠬᠤ ᠰᠠᠯᠠᠭ᠎ᠠ᠃ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠠᠬᠢᠭᠤᠯᠬᠤ | ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ | ᠲᠦᠪᠰᠢᠨ ᠤ ᠭᠠᠵᠠᠷ ᠣᠷᠣᠨ ᠰᠠᠯᠠᠭ᠎ᠠ ᠮᠥᠴᠢᠷ ᠠᠯᠤᠰᠯᠠᠭᠰᠠᠨ ᠵᠤᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ᠃ | ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠤᠭᠤᠷᠪᠢᠨ ᠲᠤᠭᠳᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠢᠷᠢ ᠲᠡᠩᠴᠡᠬᠦ ᠦᠭᠡᠶ ᠢᠳᠡᠭᠡᠨ ᠢ | ᠬᠠᠷᠭᠤᠭᠤᠯᠤᠨ ᠪᠠᠶᠢᠴᠠᠭᠠᠬᠤ᠂ ᠰᠢᠶᠳᠪᠦᠷᠢᠯᠡᠬᠦ᠂ ᠡᠭᠡᠭᠦᠯᠦᠨ ᠠᠪᠴᠢᠷᠠᠬᠤ ᠶᠢ ᠱᠠᠯᠠᠪᠳᠠᠭᠤᠯᠤᠨ ᠵᠢᠯᠤᠭᠤᠳᠤᠨ᠎ᠠ ᠃ ᠢᠳᠡᠭᠡᠨ ᠤ ᠠᠮᠤᠷ ᠲᠦᠪᠰᠢᠨ ᠤ ᠦᠨᠡᠯᠡᠯᠲᠡ | ᠶᠢᠨ ᠴᠢᠨᠠᠷᠲᠠᠶ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠣᠯᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ | ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠳᠣᠯᠤᠭ᠎ᠠ︶ ᠢᠳᠡᠭᠡᠨ ᠤ ᠦᠢᠯᠡᠳᠪᠦᠷᠢᠯᠡᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠦᠶᠯᠡᠳᠪᠦᠷᠢᠯᠡᠯ ᠤᠨ ᠬᠦᠷᠢᠶ᠎ᠡ | ᠴᠠᠷᠠᠭᠠᠨ ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠦᠶᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ | ᠢᠳᠡᠭᠡᠨ ᠦᠶᠯᠡᠳᠪᠦᠷᠢᠯᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ | ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠢᠳᠡᠭᠡᠨ ᠤ ᠦᠶᠯᠡᠳᠪᠦᠷᠢᠯᠡᠯ ᠤᠨ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ | ᠢ ᠵᠢᠯᠣᠭᠤᠳᠤᠨ ᠢᠳᠡᠭᠡᠨ ᠤ ᠠᠮᠤᠷ ᠲᠦᠪᠰᠢᠨ ᠢ ᠨᠡᠬᠡᠮᠵᠢᠯᠡᠵᠦ ᠪᠣᠯᠬᠤ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ ᠃ | ︵ᠠᠷᠪᠠᠨ ᠨᠠᠢᠮᠠ︶ ᠢᠳᠡᠭᠡᠨ ᠤ ᠭᠦᠢᠯᠭᠡᠭᠡᠨ ᠤ ᠠᠮᠤᠷ ᠲᠦᠪᠰᠢᠨ ᠳᠤ ᠬᠢᠨᠠᠯᠳᠠ ᠳᠠᠯᠪᠢᠨ ᠬᠠᠮᠢᠶᠠᠷᠤᠯᠳᠠ ᠬᠢᠬᠦ ᠰᠠᠯᠠᠭ᠎ᠠ᠃ ᠭᠦᠶᠯᠭᠡᠭᠡᠨ ᠤ ᠬᠦᠷᠢᠶ᠎ᠡ ᠴᠠᠷᠠᠭᠠᠨ | ᠳᠠᠬᠢ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠢᠳᠡᠭᠡᠨ ᠤ ᠭᠦᠢᠯᠭᠡᠭᠡ᠂ ᠵᠠᠬ᠎ᠠ ᠳᠡᠯᠭᠡᠭᠦᠷ ᠤᠨ ᠮᠠᠯ ᠤᠨ ᠠᠰᠢᠭ ᠰᠢᠮ᠎ᠡ᠂ | ᠲᠠᠷᠢᠶᠠᠯᠠᠩ ᠤᠨ ᠪᠦᠲᠦᠭᠡᠭᠳᠡᠬᠦᠨ ᠤ ᠪᠤᠷᠤᠯᠠᠭᠤᠯᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ | ᠪᠠᠨ ᠨᠠᠶᠢᠳᠠᠪᠤᠷᠢᠵᠢᠭᠤᠯᠬᠤ ᠳᠦᠷᠢᠮ ᠠᠷᠭ᠎ᠠ ᠶᠢ ᠲᠤᠭᠤᠷᠪᠢᠨ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ | ᠶᠢᠨ ᠬᠠᠮᠲᠤ ᠵᠢᠯᠣᠭᠤᠳᠤᠨ ᠥᠷᠨᠢᠭᠦᠯᠦᠨ᠎ᠡ ᠃ | ︵ᠠᠷᠪᠠ ᠶᠢᠰᠦ︶ ᠢᠳᠡᠭᠡᠨ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠬᠤᠭᠤᠴᠠᠭᠠᠨ | ᠤ ᠢᠳᠡᠭᠡᠨ ᠤ ᠠᠮᠤᠷ ᠲᠦᠪᠰᠢᠨ ᠤ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠡᠵᠡᠮᠰᠢᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ | ᠤᠮᠳᠠᠭᠠᠨ ᠤ ᠦᠢᠯᠡᠴᠢᠯᠡᠭᠡᠨ ᠤ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢᠳ ᠤᠨ ᠭᠤᠣᠯ ᠴᠣᠭᠴᠠ | ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠤᠭᠳᠠᠭᠠᠵᠤ ᠵᠤᠬᠢᠶᠠᠨ ᠬᠡᠷᠡᠭᠵᠢᠭᠦᠯᠬᠦ ᠶᠢᠨ ᠬᠠᠮᠳᠣ᠂ ᠬᠢᠨᠠᠯᠲᠠ 爱享365_365bet官网娱乐_365ba | ᠲᠠᠯᠪᠢᠵᠤ ᠪᠠᠶᠢᠴᠠᠭᠠᠬᠤ ᠠᠵᠢᠯ ᠢ ᠵᠢᠯᠤᠭᠤᠳᠤᠨ ᠦᠷᠨᠢᠭᠦᠯᠦᠨ᠎ᠡ᠃ ᠢᠳᠡᠭᠡᠨ ᠤᠮᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃ | ︵ᠬᠤᠷᠢ ︶ ᠣᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ | ᠤᠨᠴᠠᠭᠠᠢ ᠬᠡᠷᠡᠭᠴᠡᠭᠡ ᠶᠢᠨ ᠨᠠᠶᠢᠷᠠᠯᠭ᠎ᠠ ᠲᠠᠢ ᠢᠳᠡᠭᠡᠨ ᠪᠣᠯᠤᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠵᠡᠷᠭᠡ ᠤᠨᠴᠠᠭᠠᠢ ᠢᠳᠡᠭᠡᠨ ᠤ ᠠᠮᠤᠷ | ᠲᠦᠪᠰᠢᠨ ᠤ ᠪᠠᠶᠢᠳᠠᠯ ᠢ ᠵᠠᠳᠠᠯᠤᠨ ᠡᠵᠡᠮᠰᠢᠵᠦ᠂ ᠤᠨᠴᠠᠭᠠᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠢᠳᠡᠬᠡᠨ | ᠤ ᠳᠠᠪᠤᠰᠤ ᠦᠢᠯᠡᠳᠪᠦᠷᠢᠯᠡᠬᠦ᠂ ᠡᠵᠡᠩᠨᠡᠬᠦ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ | ︵ᠬᠤᠷᠢᠨ ᠨᠢᠭᠡ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠃ ᠪᠦᠬᠦ ᠬᠤᠲᠠ ᠶᠢᠨ ᠣᠨᠴᠠ ᠲᠥᠷᠥᠯ | ᠤᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ ᠲᠥᠷᠥᠯ ᠤᠨ | ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠨ᠎ᠠ᠃ ᠲᠤᠭᠳᠠᠭᠠᠭᠰᠡᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠣᠨᠴᠠ ᠲᠥᠷᠥᠯ ᠤᠨ ᠲᠥᠬᠦᠭᠡᠷᠦᠮᠵᠢ ᠶᠢᠨ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ | ᠪᠦᠷᠢᠳᠬᠡᠨ ᠵᠠᠳᠠᠯᠤᠯᠲᠠ ᠬᠢᠨ᠎ᠡ᠃ ᠣᠨᠴᠠ ᠲᠥᠷᠥᠯ ᠤᠨ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠠᠵᠢᠯᠳᠠᠨ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ ᠢ ᠠᠬᠢᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃ | ︵ᠬᠤᠷᠢᠨ ᠬᠤᠶᠠᠷ ︶ ᠬᠡᠮᠵᠢᠯᠲᠡ ᠶᠢᠨ ᠰᠠᠯᠠᠭ᠎ᠠ ᠃ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠪᠠ ᠤᠯᠤᠰ ᠤᠨ ᠬᠡᠮᠵᠢᠯᠲᠡ ᠶᠢᠨ ᠳᠦᠷᠢᠮ ᠢ | ᠬᠡᠷᠡᠭᠵᠢᠭᠦᠯᠵᠦ᠂ ᠬᠡᠮᠵᠢᠯᠲᠡ ᠶᠢᠨ ᠪᠠᠷᠢᠮᠵᠢᠶ᠎ᠠ᠂ ᠬᠡᠮᠵᠢᠯᠲᠡ ᠶᠢᠨ ᠪᠠᠷᠢᠮᠵᠢᠶᠠᠲᠤ ᠪᠣᠳᠠᠰ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠵᠦ᠂ ᠬᠡᠮᠵᠢᠭᠳᠡᠯ ᠳᠠᠮᠵᠢᠭᠤᠯᠬᠤ ᠡᠬᠢ ᠰᠤᠷᠪᠤᠯᠵᠢ ᠶᠢ ᠡᠷᠢᠬᠦ ᠪᠠ ᠬᠡᠮᠵᠢᠯᠲᠡ ᠶᠢ ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ | ᠬᠡᠮᠵᠢᠯᠲᠡ ᠶᠢᠨ ᠮᠡᠷᠭᠡᠵᠢᠯ ᠤᠨ ᠵᠢᠷᠤᠮᠵᠢᠯ ᠤᠨᠰᠢᠰᠲ᠋ᠧᠮ ᠢ ᠪᠠᠶᠢᠭᠤᠯᠬᠤ ᠵᠢᠴᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠲᠠᠸᠠᠷ ᠤᠨ ᠬᠡᠮᠵᠢᠶ᠎ᠡ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ᠂ | ᠬᠡᠮᠵᠢᠯᠲᠡ ᠶᠢᠨ ᠬᠥᠨᠳᠡᠯᠡᠨ ᠠᠴᠠ ᠲᠠᠰᠤᠯᠬᠤ ᠶᠢ ᠰᠢᠯᠭᠠᠨ ᠲᠣᠭᠲᠠᠭᠠᠬᠤ ᠪᠠ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠵᠢᠴᠢ ᠠᠵᠢᠯᠲᠠᠨ ᠢ ᠬᠢᠨᠠᠨ ᠬᠠᠮᠢᠶᠠᠷᠬᠤ | ᠠᠵᠢᠯ ᠢ ᠡᠭᠦᠷᠭᠡᠯᠡᠨ᠎ᠡ᠃ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠵᠢᠷᠤᠮᠵᠢᠭᠤᠯᠤᠨ᠎ᠠ᠃ | ︵ᠬᠤᠷᠢᠨ ᠭᠤᠷᠪᠠ︶ ᠪᠠᠷᠢᠮᠵᠢᠶᠠᠵᠢᠭᠤᠯᠬᠤ ᠰᠠᠯᠠᠭ᠎ᠠ᠃ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠣᠷᠣᠨ ᠨᠤᠲᠤᠭ ᠤᠨ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ᠂ ᠳ᠋ᠤᠭᠠᠷᠯᠠᠬᠤ᠂ ᠨᠡᠶᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠠᠵᠢᠯ ᠲᠥᠷᠥᠯ | ᠡᠯ᠎ᠡ ᠬᠦᠷᠢᠶ᠎ᠡ ᠴᠠᠷᠠᠭ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠬᠤ ᠶᠢ ᠠᠬᠢᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠵᠦ | ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠴᠡᠭ ᠤᠨ ᠵᠢᠱᠢᠶ᠎ᠡ | ᠦᠵᠡᠭᠦᠯᠬᠦ ᠠᠵᠢᠯ ᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠠᠵᠢᠯ ᠢ ᠡᠭᠦᠷᠭᠡᠯᠡᠨ᠎ᠡ᠃ ᠪᠠᠷᠢᠮᠵᠢᠶᠠᠵᠢᠭᠤᠯᠤᠨ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ | ᠤᠨ ᠠᠵᠢᠯ ᠢ ᠬᠠᠷᠢᠭᠤᠴᠠᠨ᠎ᠠ᠃ | ︵ᠬᠤᠷᠢᠨ ᠳᠥᠷᠪᠡ︶ ᠭᠡᠷᠡᠴᠢᠯᠡᠵᠦ ᠵᠥᠪᠰᠢᠶᠡᠷᠡᠬᠦ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠃ ᠰᠠᠶᠢᠨ ᠳᠤᠷ᠎ᠠ | ᠶᠢᠨ ᠴᠢᠨᠠᠷᠲᠠᠶ ᠭᠡᠷᠡᠴᠢᠯᠡᠭᠡ ᠪᠣᠯᠤᠨ ᠠᠯᠪᠠᠳᠠᠯᠭ᠎ᠠ ᠶᠢᠨ ᠴᠢᠨᠠᠷᠲᠠᠶ ᠦᠶᠯᠡᠳᠬᠦᠨ ᠤ ᠭᠡᠷᠡᠴᠢᠯᠡᠭᠡ ᠬᠢᠬᠦ ᠠᠵᠢᠯ ᠢ ᠬᠢᠨᠠᠨ ᠬᠠᠮᠢᠶᠠᠷᠴᠤ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠥᠷᠨᠢᠭᠦᠯᠦᠨ᠎ᠡ᠃ ᠭᠡᠷᠡᠴᠢᠯᠡᠵᠦ ᠵᠥᠪᠰᠢᠶᠡᠷᠡᠬᠦ᠂ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠪᠠ ᠥᠭᠡᠷᠡᠴᠢᠯᠡᠬᠦ ᠶᠢ ᠵᠤᠬᠢᠴᠠᠭᠤᠯᠤᠨ᠎ᠠ᠃ | ︵ᠬᠤᠷᠢᠨ ᠲᠠᠪᠤ ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠰᠠᠯᠠᠭ᠎ᠠ᠃ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ | ᠤ ᠥᠮᠴᠢᠯᠡᠬᠦ ᠡᠷᠬᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ | ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠡᠭᠦᠷᠭᠡᠯᠡᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠮᠠᠰᠢᠭᠤᠯᠤᠨ ᠱᠠᠩᠨᠠᠬᠤ᠂ ᠡᠭᠦᠳᠦᠨ ᠪᠦᠲᠦᠭᠡᠵᠦ ᠬᠡᠷᠡᠭᠯᠡᠬᠦ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ | ᠲᠤᠭᠳᠠᠯᠴᠠᠭ᠎ᠠ ᠶᠢᠨ ᠪᠠᠶᠢᠭᠤᠯᠤᠯᠲᠠ ᠶᠢ ᠡᠭᠦᠷᠭᠡᠯᠡᠨ᠎ᠡ᠃ ᠳᠠᠨᠵᠢᠯᠠᠵᠤ ᠪᠡᠯᠡ ᠴᠤᠭᠯᠠᠭᠤᠯᠬᠤ ᠂ ᠳᠠᠯᠳᠠ ᠬᠥᠷᠥᠩᠭᠡ ᠶᠢ ᠦᠨᠡᠯᠡᠨ ᠵᠢᠱᠢᠬᠦ ᠵᠢᠴᠢ ᠬᠤᠰᠢᠭᠤ | ᠲᠣᠭᠤᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠵᠣᠬᠢᠴᠠᠭᠤᠯᠤᠨ | ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃ ᠤᠯᠤᠰ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠠᠶᠢᠳᠠᠯᠭ᠎ᠠ ᠪᠠᠷ᠂ ᠲᠠᠸᠠᠷ ᠤᠨ ᠲᠡᠮᠳᠡᠭ ᠢ ᠳᠠᠩᠰᠠᠯᠠᠬᠤ ᠪᠠ ᠲᠠᠸᠠᠷ ᠤᠨ ᠲᠡᠮᠳᠡᠭ ᠤᠨ ᠳᠠᠨᠵᠢᠯᠠᠬᠤ ᠡᠷᠬᠡ | ᠶᠢ ᠳᠠᠩᠰᠠᠯᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠬᠤᠷᠢᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠯᠠᠭ᠎ᠠ ᠃ ᠲᠠᠸᠠᠷ ᠤᠨ ᠳᠡᠮᠳᠡᠭ ᠪᠠ ᠲᠤᠰᠬᠠᠢ ᠠᠰᠢᠭ ᠤᠨ | ᠬᠠᠮᠠᠭᠠᠯᠠᠯᠲᠠ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠲᠦᠷᠢᠮ ᠢ ᠲᠤᠭᠤᠷᠪᠢᠨ ᠲᠣᠭᠲᠠᠭᠠᠨ᠎ᠠ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠶᠢᠨ | ᠬᠡᠯᠪᠡᠷᠢ᠂ ᠰᠢᠨ᠎ᠡ ᠵᠠᠭᠪᠤᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡ ᠶᠢ ᠵᠣᠷᠢᠭᠵᠢᠭᠤᠯᠬᠤ | ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠣᠬ ᠭᠠᠷᠤᠯᠲᠠ ᠶᠢᠨ ᠭᠠᠵᠠᠷ ᠤᠨ ᠭᠠᠵᠠᠷ ᠵᠦᠢ ᠶᠢᠨ ᠲᠡᠮᠳᠡᠭ ᠵᠡᠷᠭᠡ ᠠᠯᠪᠠᠨ ᠤ | ᠲᠠᠯ᠎ᠠ ᠶᠢᠨ ᠬᠠᠮᠠᠭᠠᠯᠠᠯᠲᠠ ᠶᠢ ᠡᠭᠦᠷᠭᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ | ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ | ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠲᠠᠸᠠᠷ ᠦᠶᠯᠡᠳᠴᠦ ᠪᠣᠷᠣᠯᠠᠭᠤᠯᠤᠭᠰᠠᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠴᠠᠭᠠᠨ ᠰᠢᠶᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡᠨ ᠤ | ᠪᠠᠶᠢᠭᠤᠯᠤᠮᠵᠢ ᠶᠢ ᠬᠢᠨᠠᠨ ᠬᠠᠮᠢᠶᠠᠷᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠭᠳᠠᠯᠴᠠᠭ᠎ᠠ ᠪᠠ ᠬᠠᠤᠯᠢ ᠬᠡᠷᠡᠭᠵᠢᠭᠦᠯᠵᠦ | ᠬᠠᠮᠵᠢᠯᠴᠠᠬᠤ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠳᠣᠯᠤᠭ᠎ᠠ ︶ ᠡᠮ ᠤᠨ ᠵᠦᠶᠯ ᠤᠨ ᠳᠠᠩᠰᠠᠯᠠᠭᠤᠯᠵᠤ ᠦᠶᠯᠡᠳᠪᠦᠷᠢᠯᠡᠬᠦ ᠶᠢ ᠬᠢᠨᠠᠨ ᠬᠠᠮᠢᠶᠠᠷᠬᠤ ᠰᠠᠯᠠᠭ᠎ᠠ ︵ᠮᠣᠩᠭᠤᠯ ᠬᠢᠲᠠᠳ ᠡᠮ ᠤᠨ ᠬᠢᠨᠠᠨ | ᠬᠠᠮᠢᠶᠠᠷᠤᠯᠲᠠ ᠶᠢᠨ ᠰᠠᠯᠠᠭ᠎ᠠ ︶᠃ ᠡᠮ ᠤᠨ ᠵᠦᠶᠯ ᠤᠨ ᠦᠶᠯᠡᠳᠪᠦᠷᠢᠯᠡᠯ ᠤᠨ ᠠᠶᠤᠯ ᠦᠭᠡᠶ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠨ | ᠵᠠᠳᠠᠯᠬᠤ ᠶᠢᠨ ᠬᠠᠮᠲᠤ ᠠᠵᠢᠯ ᠤᠨ ᠰᠠᠨᠠᠭᠤᠯᠭ᠎ᠠ ᠳᠤᠷᠠᠳᠤᠨ᠎ᠠ᠃ ᠡᠮ ᠤᠨ ᠵᠦᠶᠯ ᠤᠨ ᠦᠶᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠩᠬᠠᠨ ᠤ | ᠬᠢᠨᠠᠯᠲᠠ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠡᠮ ᠢ | ᠲᠣᠬᠢᠷᠠᠭᠤᠯᠤᠨ ᠬᠡᠷᠡᠭᠯᠡᠬᠦ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠢᠲᠠᠳ ᠡᠮ ᠤᠨ ᠲᠥᠷᠥᠯ ᠵᠦᠢᠯ ᠢ ᠬᠠᠮᠠᠭᠠᠯᠠᠬᠤ | ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠣᠩᠭᠤᠯ ᠡᠮ ᠢ ᠰᠣᠳᠣᠯᠣᠨ ᠦᠢᠯᠡᠳᠬᠦ᠂ ᠦᠢᠯᠡᠳᠪᠤᠷᠢᠯᠡᠬᠦ᠂ ᠭᠦᠶᠯᠭᠡᠭᠡᠬᠦ ᠪᠠ ᠬᠡᠷᠡᠭᠯᠡᠬᠦ ᠡᠯ᠎ᠡ ᠭᠤᠭᠴᠤᠭ᠎ᠠ | ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮ ᠤᠨ ᠨᠡᠮᠡᠵᠦ ᠨᠦᠭᠦᠪᠦᠷᠢᠯᠡᠬᠦ ᠭᠠᠷᠴᠠᠭ ᠢ | ᠲᠣᠭᠲᠠᠭᠠᠬᠤ ᠳᠤ ᠣᠷᠣᠯᠴᠠᠨ᠎ᠠ᠃ ᠡᠮ ᠤᠨ ᠵᠦᠢᠯ ᠤᠨ ᠦᠢᠯᠡᠳᠪᠦᠷᠢᠯᠡᠯ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠳᠠ ᠵᠡᠷᠭᠡ ᠶᠠᠰᠤ ᠴᠢᠨᠠᠷ ᠤᠨ ᠬᠠᠮᠢᠶᠠᠷᠤᠯᠲᠠ | ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠦᠶᠯᠡᠳᠪᠦᠷᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠡᠷᠬᠡ ᠣᠯᠭᠤᠯᠲᠠ | ᠳᠤ ᠬᠤᠪᠢᠷᠠᠯᠲᠠ ᠭᠠᠷᠤᠭᠰᠠᠨ ᠡᠮ ᠤᠨ ᠵᠦᠶᠯ ᠤᠨ ᠦᠶᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠳᠠᠩᠰᠠᠯᠠᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠪᠰᠤᠷᠤᠨ ᠡᠮ ᠤᠨ ᠵᠦᠶᠯ ᠤᠨ ᠦᠶᠯᠡᠳᠪᠦᠷᠢᠯᠡᠯ᠂ | ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠵᠤ ᠦᠶᠯᠡᠳᠬᠦ᠂ ᠡᠮᠴᠢᠯᠡᠭᠡᠨ ᠤ ᠪᠠᠶᠢᠭᠤᠯᠤᠮᠵᠢ ᠶᠢᠨ ᠰᠠᠴᠤᠷᠠᠭ ᠴᠢᠨᠠᠷᠲᠠᠶ ᠡᠮ ᠤᠨ ᠵᠦᠶᠯ ᠢ ᠬᠡᠷᠡᠭᠯᠡᠬᠦ ᠳᠤ | ᠬᠢᠨᠠᠯᠲᠠ ᠲᠠᠯᠪᠢᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠪᠰᠤᠷᠤᠨ ᠡᠮᠴᠢᠯᠡᠭᠡᠨ | ᠳᠤ ᠬᠡᠷᠡᠭᠯᠡᠬᠦ ᠬᠤᠣᠷᠲᠤ ᠴᠢᠨᠠᠷᠲᠠᠶ ᠡᠮ ᠤᠨ ᠵᠦᠢᠯ᠂ ᠮᠢᠨᠴᠦᠭᠦᠷᠡᠭᠦᠯᠬᠦ ᠡᠮ ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ | ᠪᠣᠯᠤᠨ ᠡᠮ ᠤᠨ ᠵᠦᠢᠯ ᠤᠨ ᠲᠥᠷᠥᠯ ᠤᠨ ᠬᠢᠯᠪᠠᠷᠬᠠᠨ ᠬᠤᠣᠷ ᠦᠢᠯᠡᠳᠬᠦ ᠬᠢᠮᠢ ᠶᠢᠨ ᠵᠦᠢᠯ ᠤᠨ ᠦᠢᠯᠡᠳᠪᠦᠷᠢᠯᠡᠯ ᠢ ᠬᠢᠨᠠᠨ ᠬᠠᠮᠢᠶᠠᠷᠤᠨ᠎ᠠ᠃ ᠦᠶᠯᠡᠳᠪᠦᠷᠢᠯᠡᠯ ᠤᠨ | ᠭᠤᠭᠴᠤᠭ᠎ᠠ ᠳᠤ ᠤᠯᠤᠰ ᠤᠨ ᠦᠨᠳᠦᠰᠦᠨ ᠡᠮ ᠤᠨ ᠳᠦᠷᠢᠮ ᠢ ᠬᠠᠮᠵᠢᠯᠴᠠᠨ ᠬᠡᠷᠡᠭᠵᠢᠭᠦᠯᠦᠨ᠎ᠡ᠃ ᠦᠶᠯᠡᠳᠪᠦᠷᠢᠯᠡᠯ ᠤᠨ ᠭᠤᠭᠴᠤᠭ᠎ᠠ ᠶᠢᠨ ᠡᠮ ᠤᠨ ᠵᠦᠶᠯ ᠤᠨ | ᠮᠠᠭᠤ ᠦᠢᠯᠡᠳᠦᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠬᠤᠲᠠ ᠶᠢᠨ ᠬᠤᠤᠷ ᠴᠠᠭᠠᠵᠠᠯᠠᠬᠤ ᠵᠦᠪᠯᠡᠯ ᠤᠨ ᠪᠦᠷᠢᠯᠳᠦᠬᠦᠨ ᠨᠢᠭᠡᠴᠡ ᠶᠢᠨ | ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠦ ᠶᠢ ᠬᠠᠷᠢᠭᠤᠴᠠᠨ᠎ᠠ᠃ | ︵ᠬᠤᠷᠢᠨ ᠨᠠᠶᠮᠠ︶ ᠡᠮ ᠤᠨ ᠵᠦᠶᠯ ᠤᠨ ᠭᠦᠢᠯᠭᠡᠭᠡ ᠶᠢ ᠬᠢᠨᠠᠨ ᠬᠠᠮᠢᠶᠠᠷᠬᠤ ᠰᠠᠯᠠᠭ᠎ᠠ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ | ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠡᠮ ᠤᠨ ᠵᠦᠶᠯ ᠤᠨ ᠶᠠᠰᠤ ᠴᠢᠨᠠᠷ ᠤᠨ ᠡᠵᠡᠩᠨᠡᠯᠲᠡ | ᠬᠠᠮᠢᠶᠠᠷᠤᠯᠲᠠ ᠶᠢᠨ ᠵᠢᠷᠤᠮᠵᠢᠭᠰᠠᠨ ᠭᠡᠷᠡᠴᠢᠯᠡᠭᠡ ᠬᠢᠬᠦ ᠶᠢ ᠬᠠᠷᠢᠭᠤᠴᠠᠨ᠎ᠠ᠃ ᠡᠮ ᠤᠨ ᠵᠦᠶᠯ ᠤᠨ ᠵᠢᠵᠢᠭᠯᠡᠨ ᠬᠤᠳᠠᠯᠳᠤᠬᠤ ᠭᠤᠭᠴᠤᠭ᠎ᠠ ᠪᠣᠯᠤᠨ ᠬᠡᠷᠡᠭᠯᠡᠬᠦ | ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠡᠮᠴᠢᠯᠡᠭᠡᠨ ᠳᠤ ᠬᠡᠷᠡᠭᠯᠡᠬᠦ ᠬᠤᠣᠷᠲᠤ ᠴᠢᠨᠠᠷᠲᠠᠶ ᠡᠮ ᠤᠨ ᠵᠦᠢᠯ᠂ ᠮᠢᠨᠴᠦᠭᠦᠷᠡᠭᠦᠯᠬᠦ ᠡᠮ | ᠤᠨ ᠵᠦᠢᠯ᠂ ᠮᠡᠳᠡᠷᠡᠯ ᠤᠨ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ ᠪᠣᠯᠤᠨ ᠡᠮ ᠤᠨ ᠵᠦᠢᠯ ᠤᠨ ᠲᠥᠷᠥᠯ ᠤᠨ ᠬᠢᠯᠪᠠᠷᠬᠠᠨ ᠬᠤᠣᠷ ᠦᠢᠯᠡᠳᠬᠦ | ᠬᠢᠮᠢ ᠶᠢᠨ ᠵᠦᠢᠯ ᠤᠨ ᠬᠡᠷᠡᠭᠯᠡᠯᠲᠡ ᠶᠢ ᠬᠢᠨᠠᠨ ᠬᠠᠮᠢᠶᠠᠷᠤᠨ᠎ᠠ᠃ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠠᠵᠢᠯ | ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠮ ᠤᠨ ᠵᠦᠶᠯ ᠤᠨ ᠰᠦᠯᠵᠢᠶᠡᠨ ᠤ ᠪᠣᠷᠣᠯᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ | ᠢ ᠬᠠᠷᠢᠭᠤᠴᠠᠨ᠎ᠠ᠃ ᠭᠦᠢᠯᠭᠡᠭᠡᠨ ᠤ ᠭᠤᠭᠴᠤᠭ᠎ᠠ ᠳᠤ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠬᠦ ᠳᠤ ᠬᠠᠮᠵᠢᠯᠴᠠᠨ᠎ᠠ᠃ ᠭᠦᠶᠯᠭᠡᠭᠡᠨ ᠤ | ᠭᠤᠭᠴᠤᠭ᠎ᠠ ᠶᠢᠨ ᠡᠮ ᠤᠨ ᠵᠦᠶᠯ ᠤᠨ ᠮᠠᠭᠤ ᠦᠢᠯᠡᠳᠦᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ︵ᠬᠤᠷᠢ ᠶᠢᠰᠦ ︶ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠠᠮᠢᠶᠠᠷᠬᠤ ᠰᠠᠯᠠᠭ᠎ᠠ ᠃ ᠡᠮᠴᠢᠯᠡᠭᠡᠨ ᠤ ᠪᠠᠭᠠᠵᠢ ᠬᠡᠷᠡᠭᠰᠡᠯ ᠢ ᠦᠶᠯᠡᠳᠪᠦᠷᠢᠯᠡᠬᠦ᠂ ᠡᠵᠡᠩᠨᠡᠬᠦ᠂ | ᠬᠡᠷᠡᠭᠯᠡᠬᠦ ᠪᠠ ᠡᠮᠴᠢᠯᠡᠭᠡᠨ ᠤ ᠲᠤᠷᠰᠢᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠭᠠᠵᠢ | ᠬᠡᠷᠡᠭᠰᠡᠯ ᠤᠨ ᠪᠠᠷᠢᠮᠵᠢᠶ᠎ᠠ᠂ ᠲᠥᠷᠥᠯ ᠬᠤᠪᠢᠶᠠᠨ ᠬᠠᠮᠢᠶᠠᠷᠬᠤ ᠪᠠ ᠳᠠᠩᠰᠠᠯᠠᠭᠤᠯᠬᠤ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠦᠯᠵᠢᠶᠡᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠪᠣᠷᠣᠯᠠᠭᠤᠯᠭ᠎ᠠ ᠶᠢ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠨᠢᠭᠡᠳᠦᠭᠡᠷ ᠲᠥᠷᠥᠯ ᠤᠨ ᠡᠮᠴᠢᠯᠡᠭᠡᠨ ᠤ | ᠮᠠᠰᠢᠨ ᠪᠠᠭᠠᠵᠢ ᠶᠢᠨ ᠦᠢᠯᠡᠳᠬᠦᠨ ᠢ ᠳᠠᠩᠰᠠᠯᠠᠬᠤ᠂ ᠦᠢᠯᠡᠳᠪᠦᠷᠢᠯᠡᠬᠦ ᠠᠵᠤ ᠠᠬᠤᠶᠢᠯᠠᠯ ᠢ ᠳᠠᠩᠰᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮᠴᠢᠯᠡᠭᠡᠨ | ᠤ ᠮᠠᠰᠢᠨ ᠪᠠᠭᠠᠵᠢ ᠡᠵᠡᠩᠨᠡᠬᠦ ᠠᠵᠤ ᠠᠬᠤᠶᠢᠯᠠᠯ ᠤᠨ ᠵᠥᠪᠰᠢᠶᠡᠷᠡᠯ᠂ ᠪᠦᠷᠢᠳᠬᠡᠨ ᠳᠠᠩᠰᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠮᠠᠰᠢᠨ | ᠪᠠᠭᠠᠵᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ᠂ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠬᠢᠨᠠᠯᠲᠠ ᠬᠠᠮᠢᠶᠠᠷᠤᠯᠲᠠ | ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ︵ᠭᠤᠴᠢ︶ ᠵᠠᠰᠠᠯ ᠴᠢᠮᠡᠭ ᠤᠨ ᠡᠳ᠋ ᠢ ᠬᠢᠨᠠᠨ ᠬᠠᠮᠢᠶᠠᠷᠬᠤ ᠰᠠᠯᠠᠭ᠎ᠠ᠃ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠵᠠᠰᠠᠯ ᠴᠢᠮᠡᠭ ᠤᠨ ᠡᠳ᠋ ᠤᠨ ᠠᠶᠤᠯ ᠦᠭᠡᠶ ᠳᠤ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠪᠣᠯᠤᠨ ᠵᠠᠳᠠᠯᠤᠯᠲᠠ ᠬᠢᠵᠦ᠂ ᠬᠢᠨᠠᠯᠲᠠ ᠬᠠᠮᠢᠶᠠᠷᠤᠯᠲᠠ ᠶᠢᠨ ᠳᠦᠷᠢᠮ | ᠲᠣᠭᠲᠠᠴᠠ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠤᠨ᠎ᠠ᠃ ᠡᠵᠡᠩᠨᠡᠬᠦ᠂ ᠬᠡᠷᠡᠭᠯᠡᠬᠦ ᠭᠤᠭᠴᠤᠭ᠎ᠠ ᠶᠢᠨ ᠲᠤᠬᠠᠶ ᠶᠢᠨ ᠲᠠᠯᠠᠪᠠᠢ ᠶᠢᠨ | ᠪᠠᠶᠢᠴᠠᠭᠠᠯᠲᠠ ᠶᠢ ᠬᠡᠷᠡᠭᠵᠢᠭᠦᠯᠬᠦ ᠪᠠ ᠵᠢᠯᠣᠭᠤᠳᠴᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠬᠦ ᠶᠢ ᠬᠠᠷᠢᠭᠤᠴᠠᠨ᠎ᠠ᠃ | ᠭᠦᠶᠯᠭᠡᠭᠡᠨ ᠤ ᠭᠤᠭᠴᠤᠭ᠎ᠠ ᠶᠢᠨ ᠵᠠᠰᠠᠯ ᠴᠢᠮᠡᠭ ᠤᠨ ᠡᠳ᠋ ᠤᠨ ᠮᠠᠭᠤ ᠦᠢᠯᠡᠳᠦᠯ ᠢ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ | ︵ᠭᠤᠴᠢᠨ ᠨᠢᠭᠡ︶ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠪᠠᠶᠢᠴᠠᠭᠠᠬᠤ ᠰᠠᠯᠠᠭ᠎ᠠ ᠃ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠮᠠᠭᠠᠳᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠶᠢᠰᠢᠳᠠ | ᠶᠢᠨ ᠰᠢᠶᠳᠪᠦᠷᠢᠯᠡᠬᠦ ᠠᠵᠢᠯ ᠳᠤ ᠣᠷᠣᠯᠴᠠᠨ᠎ᠠ᠃ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠦᠶᠯᠡᠳᠪᠦᠷᠢᠯᠡᠬᠦ ᠬᠦᠷᠢᠶ᠎ᠡ ᠴᠠᠷᠠᠭ᠎ᠠ ᠵᠢᠴᠢ ᠡᠮ ᠤᠨ | ᠵᠦᠶᠯ ᠢ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠳᠤ ᠬᠠᠤᠯᠢ ᠶᠤᠰᠣᠴᠢ ᠴᠢᠨᠠᠷ ᠤᠨ ᠪᠠᠶᠢᠴᠠᠭᠠᠯᠳᠠ ᠶᠢ ᠲᠣᠭᠲᠠᠮᠠᠯ | ᠬᠤᠭᠤᠴᠠᠭ᠎ᠠ ᠲᠠᠢ ᠪᠤᠶᠤ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠦᠷᠨᠢᠭᠦᠯᠦᠨ᠎ᠡ᠃ ᠪᠦᠬᠦ ᠬᠤᠲᠠ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ ᠨᠡᠶᠢᠳᠡᠯᠡᠨ᠎ᠡ᠃ ᠬᠤᠰᠢᠭᠤ ᠲᠣᠭᠤᠷᠢᠭ ᠤᠨ | ᠲᠤᠰᠬᠠᠢ ᠮᠡᠷᠭᠡᠵᠢᠯ ᠤᠨ ᠪᠠᠶᠢᠴᠠᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ | ︵ᠭᠤᠴᠢᠨ ᠬᠤᠶᠠᠷ︶ ᠲᠦᠭᠰᠢᠭᠦᠷᠢ ᠶᠢ ᠬᠢᠨᠠᠨ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠴᠢᠬᠤᠯᠠ ᠶᠡᠭᠡ ᠰᠢᠶᠳᠪᠦᠷᠢᠲᠦ ᠪᠣᠳᠣᠯᠭ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠪᠠᠶᠢᠴᠠᠭᠠᠵᠤ ᠨᠤᠲᠠᠯᠠᠬᠤ᠂ ᠮᠡᠷᠭᠡᠵᠢᠯ ᠤᠨ ᠳᠡᠮᠵᠢᠯᠭᠡ ᠦᠵᠡᠭᠦᠯᠬᠦ᠂ | ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠬᠢ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠪᠠ ᠠᠳᠡᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠪᠠᠴᠢᠮ | ᠪᠠᠶᠢᠳᠠᠯ ᠢ ᠠᠷᠭᠠᠴᠠᠬᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠶᠳᠪᠦᠷᠢᠯᠡᠭᠰᠡᠨ ᠪᠠᠶᠢᠳᠠᠯ ᠢ ᠵᠢᠯᠣᠭᠤᠳᠬᠤ᠂ ᠱᠠᠯᠠᠪᠳᠠᠭᠤᠯᠤᠨ ᠰᠢᠶᠳᠪᠦᠷᠢᠯᠡᠭᠦᠯᠬᠦ ᠪᠠ ᠳᠡᠭᠡᠭᠰᠢ | ᠮᠡᠳᠡᠭᠦᠯᠬᠦ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ | ᠬᠠᠷᠢᠭᠤᠴᠠᠨ᠎ᠠ᠃ | ᠵᠢᠵᠢᠭ ᠪᠢᠴᠢᠯ ᠠᠵᠤ ᠠᠬᠤᠶᠢᠯᠠᠯ᠂ ᠦᠶᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠠᠯᠪᠠᠨ ᠬᠡᠷ ᠃ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶᠢᠯᠠᠯ᠂ ᠦᠶᠯᠡᠳᠪᠦᠷᠢ | ᠬᠤᠳᠠᠯᠳᠤᠭᠠᠨ ᠤ ᠬᠤᠪᠢ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ᠲᠠᠪᠤᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠤᠰᠬᠠᠶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠬᠤᠪᠢᠶᠠᠷᠢ ᠲᠣᠪᠴᠢᠶ᠎ᠠ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠰᠢᠭᠤᠳ ᠬᠠᠷᠢᠶ᠎ᠠ ᠬᠤᠪᠢᠶᠠᠷᠢ ᠲᠣᠪᠴᠢᠶ᠎ᠠ ᠪᠤᠯᠤᠨ᠎ᠠ ᠃ | | ᠲᠤᠰᠢᠶᠠᠯ ᠬᠠᠷᠢᠭᠤᠴᠠᠯᠭ᠎ᠠ ᠨᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠶᠢᠳᠠᠯᠭ᠎ᠠ ᠪᠠ ᠪᠣᠳᠠᠲᠠᠢ ᠵᠢᠯᠣᠭᠤᠳᠤᠯᠭ᠎ᠠ | ᠳᠣᠣᠷ᠎ᠠ᠂ ᠪᠦᠬᠦ ᠬᠤᠲᠠ ᠶᠢᠨ ᠬᠡᠪᠴᠢᠶᠡᠨ ᠳᠤ ᠭᠠᠭᠴᠠᠭᠠᠷ ᠡᠵᠡᠮᠰᠢᠬᠦ᠂ ᠭᠤᠣᠯᠴᠢ ᠪᠤᠰᠤ ᠥᠷᠢᠰᠥᠯᠳᠦᠭᠡᠨ᠂ ᠬᠤᠳᠠᠯᠳᠤᠭᠠᠨ ᠤ ᠬᠡᠭᠡᠯᠢ ᠬᠠᠭ᠋ᠤᠤᠯᠢ᠂ ᠨᠡᠶᠢᠲᠡ | ᠶᠢᠨ ᠬᠡᠷᠡᠭᠯᠡᠭᠡᠨ ᠤ ᠠᠵᠤ ᠠᠬᠤᠶᠢᠯᠠᠯ ᠪᠤᠶᠤ ᠪᠤᠰᠤᠳ ᠭᠠᠭᠴᠠᠭᠠᠷ ᠡᠵᠡᠮᠰᠢᠬᠦ ᠪᠠᠶᠢᠷᠢ ᠰᠠᠭᠤᠷᠢ ᠲᠠᠢ ᠡᠵᠡᠩᠨᠡᠭᠴᠢ ᠶᠢᠨ ᠥᠷᠢᠰᠥᠯᠳᠦᠭᠡᠨ ᠢ ᠬᠢᠵᠠᠭᠠᠷᠯᠠᠬᠤ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠦᠬᠦ ᠬᠤᠲᠠ ᠶᠢᠨ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ | ᠦᠶᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠲᠣᠤᠷ ᠰᠦᠯᠵᠢᠶᠡᠨ ᠤ ᠡᠵᠡᠩᠨᠡᠯᠲᠡ ᠶᠢᠨ ᠬᠢᠷᠢ ᠬᠡᠮ ᠢ ᠬᠠᠤᠯᠢ ᠶᠣᠰᠣᠭᠠᠷ ᠬᠢᠨᠠᠨ | ᠬᠠᠮᠢᠶᠠᠷᠴᠤ᠂ ᠲᠣᠤᠷ ᠰᠦᠯᠵᠢᠶᠡᠨ ᠤ ᠡᠵᠡᠩᠨᠡᠯᠲᠡ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠥᠷᠢᠴᠡᠭᠰᠡᠨ ᠬᠠᠮᠢᠶ᠎ᠠ ᠪᠥᠬᠦᠶ ᠰᠡᠵᠢᠭᠯᠡᠯᠲᠡᠶ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠵᠢᠭᠠᠨ ᠲᠣᠭᠲᠠᠭᠠᠭᠰᠠᠨ ᠪᠤᠰᠤᠳ ᠬᠡᠷᠡᠭ ᠢ ᠬᠠᠷᠢᠭᠤᠴᠠᠨ ᠪᠠᠶᠢᠴᠠᠭᠠᠨ ᠰᠢᠶᠳᠪᠦᠷᠢᠯᠡᠨ᠎ᠡ᠃ | ᠵᠢᠷᠭᠤᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 100 ᠨᠡᠷᠡᠰ᠃ | ᠲᠣᠪᠴᠢᠶᠠᠨ ᠳᠠᠷᠤᠭ᠎ᠠ 1 ᠨᠡᠷᠡᠰ ︵ᠬᠤᠳᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠳᠠᠷᠤᠭ᠎ᠠ ᠶᠢᠨ ᠲᠤᠰᠢᠶᠠᠯ ᠢ | ᠬᠠᠪᠰᠤᠷᠭᠠᠨ ᠬᠠᠷᠢᠭᠤᠴᠠᠨ᠎ᠠ ︶᠂ ᠲᠣᠪᠴᠢᠶᠠᠨ ᠳᠡᠳ᠋ ᠳᠠᠷᠤᠭ᠎ᠠ 4 ᠨᠡᠷᠡᠰ︔ 37 ᠵᠢᠩᠬᠢᠨᠢ ᠰᠠᠯᠠᠭᠠᠨ ᠲᠠᠰ ᠂ 16 ᠳᠡᠳ᠋ ᠰᠠᠯᠠᠭᠠᠨ ᠲᠠᠰ ︵ᠵᠢᠵᠢᠭ ᠠᠵᠤ | ᠠᠬᠤᠶᠢᠯᠠᠯ ᠤᠨ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠬᠡᠷ | ᠤᠨ ᠡᠷᠬᠢᠯᠡᠭᠴᠢ 1 ᠨᠡᠷᠡᠰ᠂ ᠢᠳᠡᠭᠡᠨ ᠤ ᠠᠮᠤᠷ ᠲᠦᠪᠰᠢᠨ ᠤ ᠶᠡᠷᠦᠩᠬᠡᠶ ᠬᠢᠨᠠᠭᠴᠢ 1 ᠨᠡᠷᠡᠰ᠂ ᠡᠮ ᠤᠨ ᠵᠦᠶᠯ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ | 1 ᠨᠡᠷᠡᠰ᠂ ᠶᠡᠷᠦᠩᠬᠡᠶ ᠢᠨᠵᠧᠨᠧᠷ 1 ᠨᠡᠷᠡᠰ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ 1 ᠨᠡᠷᠡᠰ ︶ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠶ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ15 ᠨᠡᠷᠡᠰ᠃ ᠰᠠᠯᠠᠭᠠᠨ ᠳᠡᠰ ᠤᠨ ᠤᠳᠤᠷᠢᠳᠤᠯᠭ᠎ᠠ 4 ᠨᠡᠷᠡᠰ ︵1 ᠵᠢᠩᠬᠢᠨᠢ 3 ᠳᠡᠳ᠋︶᠃ | ᠳᠣᠯᠣᠳᠤᠭᠠᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ | ᠪᠠᠶᠢᠷᠢᠯᠠᠭᠤᠯᠤᠯᠲᠠ᠂ ᠲᠤᠰᠢᠶᠠᠯ ᠬᠠᠷᠢᠭᠤᠴᠠᠯᠭ᠎ᠠ ᠪᠠ ᠣᠷᠣᠨ ᠲᠣᠭᠠᠨ ᠤ ᠵᠦᠶᠯᠡᠰ ᠢ ᠠᠰᠲᠠᠭᠠᠨ ᠲᠣᠭᠲᠠᠭᠠᠨ᠎ᠠ᠃ | ᠨᠠᠶᠮᠠᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ | ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠤ ᠲᠣᠬᠢᠷᠠᠭᠤᠯᠤᠯᠲᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ | ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠭᠦᠶᠴᠡᠳᠬᠡᠨ᠎ᠡ᠃ | ᠶᠢᠰᠦᠳᠦᠭᠡᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠵᠢᠯᠯᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠴᠤᠤ ᠶᠠᠩ ᠵᠡᠭᠡᠯᠢ ᠬᠢᠭᠡᠳ | ᠮᠢᠨ ᠹᠦ᠋ ᠵᠠᠮ ᠤᠨ ᠠᠭᠤᠯᠵᠠᠷ ᠤᠨ ᠲᠣᠨᠣᠯᠵᠢᠨ ᠵᠠᠮ ᠤᠨ ᠬᠤᠶᠢᠲᠤ ᠲᠠᠯ᠎ᠠ᠃ | ᠠᠯᠪᠠᠯᠠᠬᠤ ᠤᠲᠠᠰᠤ᠄ 0477—8117143 | ᠠᠵᠢᠯᠯᠠᠬᠤ ᠴᠠᠭ᠄ 9᠄ 00—12᠄ 00 14᠄ 00—17᠄ 30 | ᠰᠢᠦᠳᠠᠨ ᠳ᠋ᠤᠭᠠᠷ᠄ 017000 | ᠰᠦᠯᠵᠢᠶᠡᠨ ᠤ ᠬᠠᠶ᠋ᠢᠭ᠄ http᠄ / / scjdglj . ordos . gov . cn /᠃ | |