ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠭᠲᠠᠭᠠᠪᠠ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ | 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠪᠣᠷᠤᠯᠠᠭᠤᠯᠬᠤ ᠶᠡᠷᠥᠩᠬᠡᠢ ᠲᠤᠭ᠎ᠠ ᠶᠢ 5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠯᠦᠭᠡ ᠦᠨᠳᠦᠰᠦᠨ ᠳᠡᠭᠡᠨ ᠠᠯᠬᠤᠮ ᠨᠢᠭᠡᠲᠡᠢ ᠪᠣᠯᠭᠠᠨ᠎ᠠ︔ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠶ ᠪᠠᠷ ᠬᠡᠷᠡᠭᠵᠢᠭᠦᠯᠵᠦ᠂ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ | 1.ᠲᠦᠷᠦᠯ ᠵᠦᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠥᠷᠨᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠎ᠡ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠠᠭᠠᠷᠢᠯᠲᠠ ᠬᠢᠵᠦ᠂ 472 ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ︽ | ᠤᠳᠤᠷᠢᠳᠤᠯᠭ᠎ᠠ ᠠᠴᠠ ᠳᠠᠭᠠᠭᠠᠴᠢᠯᠠᠨ ᠬᠠᠷᠢᠯᠴᠠᠬᠤ + ᠠᠵᠢᠯ ᠤᠨ ᠲᠤᠰᠬᠠᠢ ᠠᠩᠬᠢ︾ ᠶᠢᠨ ᠲᠣᠭᠲᠠᠴᠠ ᠶᠢ ᠴᠢᠩᠭᠠᠳᠬᠠᠵᠤ᠂ ᠡᠬᠢᠯᠡᠭᠦᠯᠵᠦ ᠪᠣᠯᠪᠠᠯ ᠡᠬᠢᠯᠡᠭᠦᠯᠵᠦ᠂ | ᠲᠥᠷᠭᠡᠳᠭᠡᠵᠦ ᠪᠣᠯᠪᠠᠯ ᠲᠥᠷᠭᠡᠳᠭᠡᠬᠦ ᠶᠢ ᠬᠦᠴᠦᠯᠡᠨ ᠠᠬᠢᠭᠤᠯᠤᠨ᠎ᠠ᠃ ᠦᠢᠯᠡᠳᠬᠦ ᠦᠢᠯᠡᠰ ᠤᠨ ᠪᠡᠯᠡ ᠣᠷᠤᠭᠤᠯᠤᠯᠲᠠ ᠶᠢ ᠳᠠᠬᠢᠨ ᠢᠶᠠᠷ ᠨᠡᠮᠡᠭᠳᠡᠭᠦᠯᠬᠦ | ᠲᠦᠯᠦᠪᠯᠡᠭᠡ ᠶᠢ ᠬᠡᠷᠡᠭᠵᠢᠭᠦᠯᠵᠦ᠂ ᠪᠡᠶᠡᠯᠡᠭᠦᠯᠦᠭᠰᠡᠨ ᠪᠡᠯᠡ ᠣᠷᠤᠭᠤᠯᠤᠯᠲᠠ ᠶᠢ ᠠᠵᠦ ᠦᠢᠯᠡᠳᠪᠦᠷᠢ ᠶᠢᠨ ᠪᠡᠯᠡ ᠣᠷᠤᠭᠤᠯᠤᠯᠲᠠ ᠶᠢᠨ 40% ᠳᠤ ᠬᠦᠷᠭᠡᠨ᠎ᠡ᠃ | ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠳᠠᠭᠠᠷᠢᠯᠲᠠ ᠬᠢᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ 4ᠰᠠᠷ᠎ᠠ ᠶᠢᠨ ᠰᠡᠭᠦᠯᠴᠢ ᠠᠴᠠ | ᠡᠮᠦᠨ᠎ᠡ ᠪᠦᠬᠦᠨ ᠢ ᠬᠦᠢᠴᠡᠳᠬᠡᠨ ᠳᠠᠭᠤᠰᠬᠠᠵᠤ᠂ ᠬᠠᠪᠤᠷ ᠪᠣᠯᠤᠮᠠᠭᠴᠠ ᠠᠵᠢᠯ ᠡᠬᠢᠯᠡᠭᠦᠯᠬᠦ ᠶᠢ ᠪᠡᠶᠡᠯᠡᠭᠦᠯᠦᠨ᠎ᠡ᠃ ᠪᠡᠯᠡ ᠮᠥᠩᠭᠦ ᠶᠢ ᠲᠡᠮᠡᠴᠡᠨ ᠣᠯᠬᠤ | ᠳᠠᠭᠠᠷᠢᠯᠲᠠ ᠬᠢᠵᠦ᠂ ᠭᠦᠢᠴᠡᠳ ᠬᠦᠴᠦ ᠣᠷᠣᠭᠤᠯᠵᠤ ᠪᠠᠶᠢᠭᠠᠳ ᠨᠢᠭᠡ ᠪᠦᠯᠦᠭ ᠲᠦᠷᠦᠯ ᠵᠦᠢᠯ ᠢ ᠣᠨᠣᠪᠴᠢᠲᠠᠢ ᠲᠥᠯᠥᠪᠵᠢᠭᠦᠯᠵᠦ᠂ ᠮᠡᠳᠡᠭᠦᠯᠵᠦ᠂ | ᠨᠥᠭᠡᠴᠡᠯᠡᠵᠦ᠂ ᠨᠢᠭᠡ ᠤᠳᠠᠭᠠᠨ ᠤ ᠪᠡᠶ᠎ᠡ ᠤᠷᠪᠠᠭ᠋ᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠠᠭᠠᠷᠢᠯᠲᠠ ᠬᠢᠵᠦ᠂ | ᠬᠤᠳᠠᠯᠳᠤᠭᠠᠴᠢᠨ ᠤᠷᠢᠵᠤ ᠪᠠᠯᠠ ᠣᠷᠤᠭᠤᠯᠤᠭᠰᠠᠨ ᠣᠷᠣᠨᠵᠢᠭᠰᠠᠨ ᠪᠠᠯᠠ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠦᠨ᠎ᠡ᠃ | 2.ᠰᠢᠨ᠎ᠡ ᠨᠡᠮᠡᠭᠳᠡᠯ ᠤᠨ ᠴᠢᠭ ᠢ ᠪᠣᠶᠢᠵᠢᠭᠤᠯᠵᠤ ᠬᠡᠷᠡᠭᠯᠡᠭᠡᠨ ᠤ ᠰᠠᠶᠢᠵᠢᠷᠠᠯᠲᠠ ᠶᠢ ᠬᠦᠴᠦᠯᠡᠨ ᠠᠬᠢᠭᠤᠯᠤᠨ᠎ᠠ᠃ | ᠬᠡᠷᠡᠭᠯᠡᠭᠡ ᠶᠢ ᠳᠡᠰ ᠲᠡᠪᠰᠢᠭᠦᠯᠵᠦ ᠥᠷᠭᠡᠳᠭᠡᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡᠨ ᠤ ᠳᠠᠯᠳᠠ ᠬᠦᠴᠦᠨ ᠪᠠ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ ᠬᠠᠯᠠᠮᠰᠢᠯ | ᠴᠢᠭ ᠢ ᠪᠤᠶᠢᠵᠢᠭᠤᠯᠵᠤ᠂ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠣᠶᠤᠨᠴᠢ ᠵᠢᠵᠢᠭᠯᠡᠨ ᠪᠣᠷᠤᠯᠠᠭᠤᠯᠭ᠎ᠠ ᠵᠡᠷᠭᠡ ᠰᠢᠨ᠎ᠡ ᠡᠵᠡᠩᠨᠡᠯᠲᠡ ᠶᠢᠨ | ᠪᠠᠶᠢᠳᠠᠯ ᠤᠨ ᠬᠥᠭᠵᠢᠯᠲᠡ ᠶᠢ ᠳᠡᠮᠵᠢᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠨᠢᠭᠡ ᠪᠦᠯᠦᠭ | ᠳᠠᠭᠤᠷᠢᠶᠠᠯ ᠦᠵᠡᠭᠦᠯᠬᠦ ᠰᠢᠶᠠᠨ ᠢ ᠪᠠᠶᠢᠭᠤᠯᠤᠨ᠎ᠠ᠃ 26 ᠨᠢᠭᠡ ᠮᠥᠴᠡ ᠳᠤ ᠬᠦᠷᠬᠦ ᠠᠷᠠᠳ ᠲᠤ ᠲᠦᠬᠦᠮ ᠦᠵᠡᠭᠦᠯᠬᠦ ᠲᠣᠭᠤᠷᠢᠭ ᠢ ᠪᠦᠳᠦᠭᠡᠨ ᠪᠠᠶᠢᠭᠤᠯᠤᠨ᠎ᠠ᠃ | ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠲᠠᠸᠠᠷ ᠲᠤ ᠴᠢᠩᠭ᠎ᠠ ᠴᠣᠬᠢᠯᠲᠠ ᠥᠭᠴᠦ᠂ ᠬᠡᠷᠡᠭᠯᠡᠭᠡᠨ ᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ | 3.ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠠᠵᠢᠯ ᠢᠶᠠᠨ ᠳᠡᠰ ᠲᠡᠪᠰᠢᠭᠦᠯᠬᠦ ᠪᠠ ᠰᠢᠨ᠎ᠡ ᠦᠢᠯᠡᠰ ᠢ ᠥᠷᠭᠡᠳᠬᠡᠬᠦ ᠶᠢ | ᠳᠠᠮᠵᠢᠵᠤ᠂ ᠡᠵᠡᠩᠨᠡᠯᠲᠡ ᠶᠢᠨ ᠣᠷᠣᠯᠭ᠎ᠠ ᠪᠠ ᠠᠰᠢᠭ ᠣᠷᠣᠯᠭ᠎ᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ︽ᠬᠤᠶᠠᠷ ᠡᠷᠡᠭᠦᠯ ᠮᠡᠨᠳᠦ︾ ᠶᠢ ᠶᠡᠬᠡᠪᠡᠷ | ᠠᠬᠢᠭᠤᠯᠵᠤ᠂ ᠲᠦᠮᠡᠨ ᠺᠠᠳ᠋ᠷ ᠲᠦᠮᠡᠨ ᠠᠵᠤ ᠠᠬᠤᠶᠢᠯᠠᠯ ᠳᠤ ᠣᠷᠤᠵᠤ ᠰᠠᠭᠤᠬᠤ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠬᠥᠷᠥᠩᠭᠡ ᠠᠴᠠ | ᠪᠠᠯᠠ ᠣᠷᠣᠭᠤᠯᠤᠯᠲᠠ ᠶᠢᠨ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃ ᠲᠣᠮᠣ ᠳᠤᠮᠳᠠ ᠵᠢᠵᠢᠭ ᠠᠵᠤ ᠠᠬᠤᠶᠢᠯᠠᠯ ᠢ ᠱᠠᠲᠤᠴᠢᠯᠠᠨ ᠪᠤᠶᠢᠵᠢᠭᠤᠯᠬᠤ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ᠂ ︽ᠬᠡᠪᠴᠢᠶᠡᠵᠢᠯ ᠠᠴᠠ ᠳᠡᠭᠡᠭᠰᠢᠬᠢ ᠳᠥᠷᠪᠡᠨ ᠲᠦᠷᠦᠯ ᠤᠨ ᠠᠵᠤ ᠠᠬᠤᠶᠢᠯᠠᠯ︾ ᠤᠨ ᠲᠤᠭ᠎ᠠ | ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠬᠦᠴᠦᠨ ᠨᠡᠮᠡᠷᠢᠯᠡᠵᠦ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ᠂ ᠬᠡᠪᠴᠢᠶ᠎ᠡ ᠶᠢ ᠥᠷᠭᠡᠳᠬᠡᠬᠦ ᠪᠠ | ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠢ 3᠂ ᠫᠠᠶᠢᠰᠠ ᠡᠯᠭᠦᠭᠰᠡᠨ ᠠᠵᠤ ᠠᠬᠤᠶᠢᠯᠠᠯ ᠢ 5 | ᠰᠢᠨ᠎ᠡ ᠪᠠᠷ ᠨᠡᠮᠡᠭᠳᠡᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠰᠢᠨ᠎ᠡ | ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠬᠳᠠᠯ ᠢ ᠲᠦᠷᠭᠡᠳᠭᠡᠨ᠎ᠡ᠃ | 1.ᠬᠦᠴᠦ ᠪᠠᠨ ᠲᠥᠪᠯᠡᠷᠡᠭᠦᠯᠦᠨ ᠳᠡᠭᠡᠳᠦ ᠳᠡᠰᠴᠢᠯᠡᠭᠰᠡᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ | ᠤᠯᠤᠰ ᠤᠨ ᠦᠷᠭᠦᠯᠵᠢᠯᠡᠬᠦ ᠭᠦᠭᠵᠢᠯᠳᠠ ᠶᠢᠨ ᠵᠦᠪᠯᠡᠬᠦ ᠵᠦᠢᠯ ᠤᠨ ᠰᠢᠨ᠎ᠠ ᠶᠢ ᠡᠭᠦᠳᠭᠦ ᠲᠠᠭᠤᠷᠢᠶᠠᠯ ᠦᠵᠡᠭᠦᠯᠭᠦ ᠤᠷᠤᠨ ᠤ ᠪᠦᠳᠦᠭᠡᠨ ᠪᠠᠶᠢᠭᠤᠯᠤᠯᠳᠠ ᠶᠢ | ᠲᠦᠷᠭᠡᠳᠭᠡᠵᠤ᠂ ᠬᠦᠬᠡᠬᠤᠳᠠ ᠪᠤᠭᠤᠳᠤ ᠤᠷᠳᠤᠰ ᠤᠨ ᠤᠯᠤᠰ ᠤᠨ ᠲᠡᠰ ᠤᠨ ᠪᠡᠶ᠎ᠡ ᠪᠠᠨ ᠲᠠᠭᠠᠭᠠᠵᠤ ᠰᠢᠨ᠎ᠠ ᠶᠢ ᠡᠭᠦᠳᠭᠦ ᠲᠠᠭᠤᠷᠢᠶᠠᠯ ᠦᠵᠡᠭᠦᠯᠭᠦ ᠤᠷᠤᠨ ᠢ | ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠡᠨᠧᠷᠭᠢ ᠶᠢᠨ ᠲᠤᠷᠰᠢᠯᠲᠠ ᠶᠢᠨ ᠲᠠᠰᠤᠭ ᠤᠨ ᠰᠠᠭᠤᠷᠢᠨ ᠭᠠᠵᠠᠷ ᠢ ᠮᠠᠨ ᠤ ᠬᠤᠳᠠ ᠳᠤ | ᠨᠤᠲᠤᠭᠰᠢᠭᠤᠯᠬᠤ ᠶᠢ ᠠᠬᠢᠭᠤᠯᠵᠤ᠂ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠢᠨ᠎ᠡ ᠪᠠᠷ 10 | ᠨᠡᠮᠡᠭᠳᠡᠭᠦᠯᠦᠨ᠎ᠡ᠃ ᠳᠠᠪᠠᠭᠤᠯᠢᠭ ᠭᠠᠵᠠᠷ ᠣᠷᠣᠨ ᠤ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠪᠠᠷ ᠵᠠᠯᠭᠠᠨ ᠠᠪᠴᠤ᠂ ᠨᠢᠭᠡ ᠪᠦᠯᠦᠭ ︽ᠰᠠᠭᠤᠷᠢᠨ | ᠭᠠᠵᠠᠷ ᠠᠴᠠ ᠰᠠᠯᠤᠭᠰᠠᠨ ᠨᠡᠪᠴᠢᠭᠦᠯᠦᠭᠦᠷ︾᠂ ︽ᠰᠢᠨ᠎ᠡ ᠶᠢ ᠡᠭᠦᠳᠬᠦ ᠣᠭᠤᠷᠴᠤᠭ ᠬᠠᠷᠢᠶ᠎ᠠ ᠭᠠᠵᠠᠷ︾ ᠢ ᠪᠠᠶᠢᠭᠤᠯᠤᠨ᠎ᠠ᠃ | 2.ᠬᠦᠴᠦ ᠪᠠᠨ ᠲᠥᠪᠯᠡᠷᠡᠭᠦᠯᠦᠨ ᠳᠡᠭᠡᠳᠦ ᠡᠨᠧᠷᠭᠢ ᠶᠢᠨ ᠳᠡᠰ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠤᠨ᠎ᠠ᠃ | ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢᠶᠠᠷ ᠭᠠᠪᠰᠢᠭᠠᠶᠢᠯᠠᠬᠤ ᠬᠦᠴᠦᠨ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠭᠤᠤᠯᠯᠠᠭᠴᠢ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠰᠢᠨ᠎ᠡ ᠬᠦᠴᠦᠨ | ᠪᠣᠯᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠰᠦᠷᠦᠭᠵᠢᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠢ 2 ᠪᠣᠶᠢᠵᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 230 ᠬᠦᠷᠭᠡᠵᠦ᠂ 300 ᠠᠵᠤ | ᠠᠬᠤᠶᠢᠯᠠᠯ ᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠦᠮᠦᠷᠭᠡ ᠳᠤ ᠤᠷᠤᠭᠤᠯᠤᠨ᠎ᠠ᠃ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠬᠦᠴᠦᠯᠡᠴᠡ ᠨᠢ 3% ᠠᠴᠠ ᠳᠡᠭᠡᠭᠰᠢᠬᠢ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠵᠦ᠂ ︽ᠭᠤᠷᠪᠠ ᠶᠢ ᠦᠭᠡᠶᠢᠰᠭᠡᠬᠦ︾ ᠠᠵᠤ | ᠠᠬᠤᠶᠢᠯᠠᠯ ᠢ ᠰᠢᠨ᠎ᠡ ᠪᠠᠷ 40 ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 25% ᠪᠠᠷ ᠨᠡᠮᠡᠭᠳᠡᠭᠦᠯᠦᠨ᠎ᠡ᠃ | 3.ᠬᠦᠴᠦ ᠪᠠᠨ ᠲᠥᠪᠯᠡᠷᠡᠭᠦᠯᠦᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠤᠭᠤᠯᠤᠨ ᠬᠥᠮᠥᠵᠢᠭᠦᠯᠦᠨ᠎ᠡ᠃ | ᠰᠢᠪᠲᠤᠯᠤᠯᠲᠠ ᠶᠢᠨ ᠴᠢᠨᠠᠷᠲᠠᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠣᠷᠦ᠋ᠢᠯᠠᠭᠰᠠᠨ ᠴᠢᠳᠠᠪᠤᠷᠢᠲᠠᠨ ᠤ ︽ ᠨᠢᠭᠡ ᠤᠴᠢᠷ ᠢ ᠨᠢᠭᠡ | ᠵᠥᠪᠯᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠣᠷᠳᠣᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠪᠠ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭ᠎ᠠ ᠶᠢᠨ ᠬᠤᠷᠠᠯ᠂ ︽ᠨᠢᠭᠡ ᠤᠷᠤᠯᠳᠤᠭᠠᠨ ᠨᠢᠭᠡ ᠬᠤᠷᠠᠯ︾ ᠢᠶᠠᠷ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠨᠠᠷᠠᠲᠤ ᠲᠥᠷᠥᠯ ᠲᠡᠮᠳᠡᠭᠲᠦ ᠶᠢ ᠨᠠᠷᠢᠨ ᠨᠢᠮᠪᠠᠶ ᠡᠭᠦᠳᠴᠦ᠂ ︽ ᠠᠺᠠᠳᠧᠮᠢᠴᠢ ᠶᠢᠨ ᠣᠷᠳᠣᠰ ᠤᠨ ᠠᠶᠠᠯᠠᠯ︾ ᠪᠠ ︽ᠴᠢᠳᠠᠪᠤᠷᠢᠲᠠᠨ ᠪᠠ ᠣᠶᠤᠨ | ᠤᠬᠠᠭᠠᠨ ᠢ ᠶᠡᠭᠡ ᠳᠡᠭᠡᠳᠦ ᠰᠤᠷᠭᠠᠭᠤᠯᠢ ᠳᠤ ᠣᠷᠣᠭᠤᠯᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨ᠎ᠡ ᠶᠢ | ᠡᠭᠦᠳᠬᠦ ᠴᠢᠳᠠᠪᠤᠷᠢᠲᠠᠨ ᠤ ᠪᠦᠯᠬᠦᠮ ᠪᠠ ᠠᠵᠤ ᠦᠢᠯᠡᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠰᠢᠨ᠎ᠡ ᠪᠠᠷ ᠣᠷᠣᠭᠤᠯᠤᠨ | ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠢ 10 ᠬᠦᠮᠦᠵᠢᠭᠦᠯᠦᠨ ᠬᠢᠨᠠᠨ ᠲᠣᠭᠲᠠᠭᠠᠨ᠎ᠠ᠃ ᠴᠢᠳᠡᠪᠦᠷᠢᠳᠡᠨ ᠪᠠ | ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠳᠡᠭᠡᠳᠦ ᠳᠡᠰ ᠲᠠᠪᠬᠤᠷᠭ᠎ᠠ ᠶᠢᠨ | ᠴᠢᠳᠡᠪᠦᠷᠢᠳᠡᠨ ᠤ ᠦᠢᠯᠡᠴᠢᠯᠡᠭᠡ ᠶᠢ ᠪᠡᠷᠢᠮᠵᠢᠶᠡᠵᠢᠭᠤᠯᠥᠨ ᠳᠡᠭᠡᠭᠰᠢᠯᠡᠬᠦᠯᠬᠦ ᠠᠵᠢᠯᠯᠠᠭ᠎ᠠ ᠶᠢ ᠭᠡᠷᠡᠭᠵᠢᠬᠦᠯᠦᠨ᠎ᠡ᠃ | 4.ᠬᠦᠴᠦ ᠪᠠᠨ ᠲᠥᠪᠯᠡᠷᠡᠭᠦᠯᠦᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠨ᠎ᠠ᠃ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠴᠢᠭᠯᠡᠭᠦᠯᠦᠨ᠂ 5 | ᠲᠥᠷᠥᠯ ᠵᠦᠢᠯ ᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠵᠤ᠂ 10 ᠵᠦᠢᠯ ᠤᠨ ᠴᠢᠬᠤᠯᠠ ᠶᠡᠭᠡ ᠪᠡᠯᠭᠡ | ᠲᠡᠮᠳᠡᠭ ᠤᠨ ᠴᠢᠨᠠᠷᠲᠠᠶ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ | ᠪᠦᠲᠦᠭᠡᠯ ᠢ ᠬᠤᠪᠢᠷᠠᠭᠤᠯᠬᠤ ᠠᠵᠢᠯ ᠢ ᠥᠷᠨᠢᠭᠦᠯᠵᠦ᠂ ᠪᠦᠬᠦ ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠶᠢᠨ | ᠰᠢᠨ᠎ᠡ ᠶᠢ ᠡᠭᠦᠳᠬᠦ ᠮᠡᠷᠭᠡᠵᠢᠯ ᠤᠨ ᠡᠭᠦᠰᠦᠯᠲᠡ ᠶᠢᠨ ᠭᠠᠵᠠᠷ ᠢ ᠪᠥᠲᠥᠭᠡᠨ ᠪᠠᠶᠢᠭᠤᠯᠤᠨ᠎ᠠ᠃ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠡᠷᠡᠰ ᠭᠤᠶᠢᠪᠢᠰᠢ ᠦᠭᠡᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠶᠤᠯᠭᠦᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 1.ᠳᠥᠷᠪᠡᠨ ᠳᠡᠯᠡᠬᠡᠢ ᠶᠢᠨ ᠳᠡᠰ ᠤᠨ ᠠᠵᠤ ᠦᠢᠯᠡᠰ ᠢ ᠬᠦᠴᠦᠯᠡᠨ ᠪᠠᠶᠢᠭᠤᠯᠤᠨ᠎ᠠ᠃ | 6 ᠨᠡᠭᠦᠷᠡᠰᠦᠨ ᠠᠭᠤᠷᠬᠠᠢ ᠶᠢ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠨᠡᠭᠦᠷᠡᠰᠦᠨ ᠤ ᠪᠣᠷᠤᠯᠠᠭᠤᠯᠤᠯᠲᠠ ᠶᠢᠨ ᠬᠡᠮᠵᠢᠶ᠎ᠡ ᠶᠢ 8.5ᠳ᠋ᠦᠩᠰᠢᠭᠤᠷ | ᠲᠣᠨ ᠳᠤ ᠬᠦᠷᠭᠡᠵᠦ᠂ 532 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠠᠶᠢᠭᠤᠯᠤᠨ ᠲᠣᠣᠷ ᠨᠡᠶᠢᠯᠡᠭᠦᠯᠵᠦ᠂ ᠱᠦᠷᠬᠡᠢ ᠶᠢᠨ | ᠪᠠᠶᠢᠭᠠᠯᠢ ᠶᠢᠨ ᠰᠢᠲᠠᠮᠠᠬᠠᠢ ᠬᠡᠢ ᠶᠢ ᠰᠢᠢᠳᠪᠦᠷᠢᠯᠡᠬᠦ ᠶᠡᠷᠦᠩᠬᠡᠢ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠬᠦᠯᠦᠨ᠎ᠡ᠃ ᠴᠢᠬᠤᠯᠠ ᠬᠦᠴᠦᠨ ᠵᠦᠢᠯ ᠤᠨ ᠡᠬᠢ | ᠪᠠᠶᠠᠯᠢᠭ ᠢ ᠲᠥᠪᠯᠡᠷᠡᠭᠦᠯᠦᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠦ ᠹᠧᠩ ᠤᠨ ᠪᠣᠬᠢᠷᠲᠤᠯ ᠦᠭᠡᠢ ᠤᠰᠤᠲᠥ᠋ᠷᠥᠭᠴᠢ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠡᠪᠴᠡᠯᠳᠦᠯ᠂ | ᠷᠦᠩ ᠰᠢᠨ ᠤ ᠮᠧᠲ᠋ᠢᠯ ᠠᠯᠺᠤᠤᠯ ᠢᠶᠠᠷ ᠠᠯᠺᠧᠨ ᠦᠢᠯᠡᠳᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠨᠡᠭᠦᠷᠡᠰᠦ ᠪᠠᠷ ᠰᠠᠭᠤᠷᠢ ᠪᠣᠯᠭᠠᠭᠰᠠᠨ ᠬᠢᠮᠢ ᠶᠢᠨ ᠪᠤᠳᠠᠰ ᠢ ᠵᠠᠳᠠᠷᠠᠭᠤᠯᠵᠤ ᠪᠣᠯᠬᠤ ᠮᠠᠲ᠋ᠧᠷᠢᠶᠠᠯ᠂ ᠳᠡᠭᠡᠳᠦ ᠲᠡᠰ ᠤᠨ ᠬᠢᠮᠢ ᠶᠢᠨ ᠪᠣᠳᠠᠰ ᠲᠡᠰᠢ ᠤᠷᠲᠤᠳᠬᠠᠬᠤ ᠶᠢ | ᠠᠬᠢᠭᠤᠯᠤᠨ᠎ᠠ᠃ 1616 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ ᠬᠡᠷᠡᠭᠵᠢᠭᠦᠯᠵᠦ᠂ 1200 ᠲᠦᠮᠡᠨ | ᠺᠢᠯᠣᠸᠠᠲ ᠢ ᠪᠠᠶᠢᠭᠤᠯᠤᠨ ᠪᠦᠲᠦᠭᠡᠨ᠎ᠡ᠃ ᠯᠦᠩ ᠵᠢᠶ ᠶᠢᠨ ᠪᠣᠬᠢᠷᠳᠤᠯ ᠦᠭᠡᠢ ᠭᠡᠷᠡᠯ ᠴᠡᠨᠡᠭ ᠤᠨ ᠲᠣᠨᠣᠭᠯᠠᠯ᠂ ᠵᠥᠩ ᠴᠧ ᠶᠢᠨ ᠰᠠᠯᠬᠢᠨ ᠬᠦᠴᠦᠨ ᠤ ᠮᠠᠰᠢᠨ | ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠷᠦᠨ ᠶᠠᠩ ᠭᠡᠷᠡᠯ ᠴᠡᠨᠡᠭ ᠤᠨ ᠲᠣᠨᠣᠭᠯᠠᠯ ᠦᠢᠯᠡᠳᠬᠦ᠂ ᠶᠤᠸᠠᠨ ᠵᠢᠩ ᠤᠨ | ᠬᠤᠶᠠᠳᠤᠭᠠᠷ ᠬᠤᠭᠤᠴᠠᠭ᠎ᠠ᠂ ᠵᠢᠩ ᠣᠣ᠂ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ ᠮᠠᠰᠢᠨ ᠲᠡᠷᠭᠡ ᠵᠡᠷᠭᠡ ᠲᠥᠷᠥᠯ ᠵᠦᠢᠯ ᠢ ᠨᠤᠲᠤᠭᠰᠢᠭᠤᠯᠤᠨ ᠪᠦᠲᠦᠭᠡᠨ | ᠪᠠᠶᠢᠭᠤᠯᠬᠤ ᠶᠢ ᠲᠦᠷᠭᠡᠳᠭᠡᠨ᠎ᠠ᠃ ᠴᠢᠨᠠᠷ ᠰᠠᠶᠢᠲᠠᠶ ᠠᠷᠪᠠᠰ ᠤᠨ ᠨᠣᠣᠯᠤᠭᠤᠷ ᠤᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠨᠣᠣᠯᠤᠭᠤᠷ ᠤᠨ | ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠮᠠᠭᠠᠨ ᠨᠣᠣᠯᠤᠭᠤᠷ ᠤᠨ ᠠᠵᠤ ᠦᠢᠯᠡᠰ ᠤᠨ ᠲᠥᠪ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ | 2.ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠶᠡᠬᠡᠪᠡᠷ ᠠᠬᠢᠭᠤᠯᠤᠨ᠎ᠠ᠃ | ︽ᠵᠠᠭᠤᠨ ᠵᠦᠢᠯ ᠤᠨ ᠮᠡᠷᠭᠡᠵᠢᠯ ᠤᠨ ᠥᠭᠡᠷᠡᠴᠢᠯᠡᠯᠲᠡ︾᠂ ︽ᠵᠠᠭᠤᠨ ᠠᠵᠤ ᠠᠬᠤᠶᠢᠯᠠᠯ ᠢ ᠳᠡᠭᠡᠭᠰᠢᠯᠡᠭᠦᠯᠬᠦ︾ ᠶᠢ ᠬᠡᠷᠡᠭᠵᠢᠭᠦᠯᠵᠦ ᠂ ᠬᠡᠤᠷᠰᠢᠭᠦᠯᠬᠦ᠂ | ᠴᠠᠬᠢᠯᠠᠭᠤᠷ ᠴᠢᠯᠠᠭᠤ᠂ ᠪᠣᠯᠣᠳ ᠲᠡᠮᠦᠷ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ | ᠬᠡᠯᠬᠢᠶ᠎ᠡ ᠶᠢ ᠳᠤᠮᠳᠠ ᠳᠣᠤᠷᠠᠳᠤ ᠬᠡᠯᠬᠢᠶ᠎ᠡ ᠲᠡᠶᠢᠰᠢ ᠤᠷᠲᠤᠳᠬᠠᠬᠤ᠂ ᠦᠢᠯᠡᠳᠬᠦᠨ ᠢ ᠳᠤᠮᠳᠠ ᠳᠡᠭᠡᠳᠦ ᠲᠠᠰ ᠲᠡᠶᠢᠰᠢ ᠲᠡᠪᠰᠢᠭᠦᠯᠬᠦ ᠶᠢ ᠠᠬᠢᠭᠤᠯᠤᠨ᠎ᠠ᠃ | ᠪᠠᠶᠢᠯᠳᠣᠬᠤ ᠪᠣᠳᠣᠯᠭ᠎ᠠ ᠶᠢᠨ ᠴᠢᠨᠡᠷᠳᠡᠢ ᠰᠢᠨ᠎ᠡ ᠪᠠᠷ ᠬᠥᠭᠵᠢᠭᠰᠡᠨ ᠠᠵᠦ ᠦᠢᠯᠡᠰ ᠢ ᠬᠦᠭᠵᠢᠬᠦᠯᠥᠨ ᠪᠤᠵᠠᠭᠠᠶᠢᠷᠡᠭᠤᠯᠵᠦ᠂ ᠦᠢᠯᠡᠳᠬᠦ ᠦᠢᠯᠡᠰ ᠤᠨ ᠭᠠᠭᠴᠠ | ᠳᠦᠷᠦᠯ ᠤᠨ ᠮᠠᠩᠯᠠᠶᠢᠯᠠᠭᠴᠢ ᠠᠵᠦ ᠠᠬᠤᠶᠢᠯᠠᠯ ᠦᠭᠡᠢ ᠬᠤᠭᠤᠰᠤᠨ ᠢ ᠰᠢᠪᠲᠤᠯᠬᠤ ᠶᠢ ᠠᠬᠢᠭᠤᠯᠵᠤ᠂ ᠣᠯᠥᠰ ᠤᠨ ᠳᠡᠰ ᠤᠨ ᠲᠤᠰᠬᠠᠶᠢᠵᠢᠭᠰᠠᠨ ᠨᠠᠷᠢᠯᠢᠭᠵᠢᠭᠰᠠᠨ | ᠣᠨᠴᠠᠯᠢᠭᠲᠤ ᠰᠢᠨ᠎ᠡ ︽ᠵᠢᠵᠢᠭ ᠠᠪᠤᠷᠭᠤ︾ ᠠᠵᠦ ᠠᠬᠤᠶᠢᠯᠠᠯ ᠢ 3᠂ ᠦᠪᠡᠷᠳᠡᠭᠡᠨ ᠵᠠᠰᠠᠬᠤ ᠣᠷᠣᠨ ᠤ ᠳᠡᠰ ᠤᠨ ᠲᠤᠰᠬᠠᠶᠢᠵᠢᠭᠰᠠᠨ ᠨᠠᠷᠢᠯᠢᠭᠵᠢᠭᠰᠠᠨ | ᠣᠨᠴᠠᠯᠢᠭᠲᠤ ᠰᠢᠨ᠎ᠠ ᠳᠤᠮᠳᠠ ᠵᠢᠵᠢᠭ ᠠᠵᠦ ᠠᠬᠤᠶᠢᠯᠠᠯ ᠢ 12 ᠪᠤᠶᠢᠵᠢᠭᠤᠯᠵᠦ᠂ ᠳᠡᠭᠡᠳᠣ ᠮᠡᠷᠭᠡᠵᠢᠯ ᠤᠨ ᠦᠢᠯᠡᠳᠬᠦ ᠦᠢᠯᠡᠰ ᠤᠨ ᠠᠵᠦ ᠠᠬᠤᠶᠢᠯᠠᠯ ᠢ 5᠂ | ᠠᠵᠦ ᠦᠢᠯᠡᠳᠪᠦᠷᠢ ᠶᠢᠨ ᠳᠦᠷᠦᠯ ᠵᠦᠢᠯ ᠢ ᠥᠷᠭᠡᠳᠭᠡᠭᠰᠡᠨ ᠠᠵᠦ ᠠᠬᠤᠶᠢᠯᠠᠯ ᠢ 50 ᠨᠡᠮᠡᠭᠳᠡᠬᠦᠯᠦᠨ᠎ᠠ᠃ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ | ᠲᠥᠷᠭᠡᠳᠭᠡᠵᠦ᠂ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠲᠠ ᠶᠢᠨ ᠳᠠᠭᠤᠷᠢᠶᠠᠯ ᠦᠵᠡᠭᠦᠯᠬᠦ ᠠᠵᠤ ᠠᠬᠤᠶᠢᠯᠠᠯ ᠢ 50 ᠪᠠᠶᠢᠭᠤᠯᠵᠤ᠂ 15 ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠰᠢᠨ᠎ᠡ ᠪᠠᠷ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ | ᠂ ᠳᠠᠭᠠᠭᠠᠬᠤ ᠴᠢᠳᠠᠪᠤᠷᠢ ᠪᠣᠯᠤᠨ ᠪᠣᠬᠢᠷᠲᠤᠯ ᠦᠭᠡᠶᠢᠵᠢᠭᠦᠯᠬᠦ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ᠂ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠪᠠᠶᠢᠷᠢ ᠲᠡᠪᠰᠢᠬᠦ ᠶᠢ | ᠲᠦᠷᠭᠡᠳᠬᠡᠨ᠎ᠡ᠃ | 3.ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ | ᠠᠵᠦ ᠦᠢᠯᠡᠰ ᠤᠨ ᠭᠡᠯᠬᠢᠶ᠎ᠠ ᠶᠢᠨ ᠲᠣᠭᠤᠷᠢᠨ ᠳᠤ ᠦᠢᠯᠡᠴᠢᠯᠡᠭᠡᠨ ᠤ ᠦᠢᠯᠡᠰ ᠤᠨ ᠬᠡᠯᠬᠢᠶ᠎ᠡ ᠶᠢ ᠪᠠᠶᠢᠷᠢᠯᠠᠭᠤᠯᠵᠤ᠂ ᠰᠣᠳᠣᠯᠥᠨ ᠨᠡᠭᠡᠭᠡᠵᠦ ᠵᠢᠷᠦᠠᠠᠯᠠᠨ | ᠳᠦᠯᠦᠪᠯᠡᠬᠦ᠂ ᠮᠡᠳᠡᠭᠡ ᠵᠠᠩᠬᠢ ᠶᠢᠨ ᠵᠦᠭᠡᠯᠡᠨ ᠲᠣᠨᠤᠭ᠂ ᠠᠵᠢᠯᠯᠠᠭᠤᠯᠵᠦ ᠬᠠᠮᠠᠭᠠᠯᠬᠠᠥ ᠦᠢᠯᠡᠴᠢᠯᠡᠭᠡ᠂ ᠰᠢᠯᠭᠠᠨ ᠪᠠᠶᠢᠴᠠᠭᠠᠵᠦ ᠪᠠᠶᠢᠴᠠᠭᠠᠨ ᠭᠡᠮᠵᠢᠬᠦ ᠵᠡᠷᠭᠡ | ᠦᠢᠯᠡᠳᠪᠦᠷᠢᠯᠡᠯ ᠤᠨ ᠴᠢᠨᠡᠷᠳᠡᠢ ᠦᠢᠯᠡᠴᠢᠯᠡᠭᠡᠨ ᠤ ᠦᠢᠯᠡᠰ ᠢ ᠬᠦᠴᠣᠯᠡᠨ ᠣᠷᠣᠭᠤᠯᠥᠨ ᠠᠪᠴᠢᠷᠡᠵᠦ ᠪᠤᠶᠢᠵᠢᠭᠤᠯᠵᠦ᠂ ᠨᠢᠭᠡ ᠪᠦᠯᠥᠭ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠪᠤᠯᠥᠨ ᠳᠡᠷᠢᠬᠦᠨ ᠤ ᠦᠢᠯᠡᠳᠬᠦ ᠦᠢᠯᠡᠰ ᠢ ᠠᠭᠤᠰᠣᠯᠴᠠᠭᠤᠯᠥᠨ ᠬᠦᠭᠵᠢᠬᠦᠯᠬᠦ ᠲᠣᠷᠰᠢᠯᠳᠡ ᠶᠢᠨ ᠴᠢᠭ ᠢ ᠪᠤᠢ ᠪᠤᠯᠭᠠᠨ᠎ᠠ᠃ ᠤᠳᠤ | ᠦᠶ᠎ᠡ ᠶᠢᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠪᠠ ᠠᠮᠢ ᠠᠬᠤᠢ ᠶᠢᠨ ᠲᠣᠭᠲᠠᠯᠴᠠᠭ᠎ᠠ ᠶᠢ ᠪᠦᠷᠢᠨᠰᠢᠬᠦᠯᠵᠤ᠂ ᠬᠢᠶ᠎ᠠ ᠪᠠᠭᠰᠢ ᠲᠣᠭᠤᠷᠢᠭ ᠲᠣᠭᠠᠴᠢᠯᠠᠭᠰᠠᠨ | ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠨ᠎ᠡ᠃ ᠰᠣᠶᠣᠯ ᠵᠢᠭᠤᠯᠴᠢᠯᠠᠯ ᠢᠶᠠᠷ ᠠᠷᠠᠳ ᠲᠤ 爱享365_365bet官网娱乐_365ba | ᠠᠰᠢᠭ ᠬᠦᠷᠲᠡᠭᠡᠬᠦ ᠬᠡᠷᠡᠭᠯᠡᠭᠡᠨ ᠤ ᠤᠯᠠᠷᠢᠯ᠂ ᠬᠡᠷᠡᠭᠯᠡᠭᠡᠨ ᠤ ᠰᠠᠷ᠎ᠠ ᠵᠡᠷᠭᠡ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠢᠭᠡ ᠪᠦᠯᠦᠭ ᠬᠠᠲᠤᠨ ᠭᠤᠣᠯ᠂ | ᠲᠠᠯ᠎ᠠ ᠨᠤᠲᠤᠭ᠂ ᠬᠤᠪᠢᠰᠬᠠᠯᠲᠤ ᠰᠣᠶᠣᠯ᠂ ᠠᠵᠤ ᠦᠢᠯᠡᠳᠪᠦᠷᠢ ᠶᠢᠨ ᠪᠣᠯᠪᠠᠰᠤᠨ ᠢᠶᠠᠷ ᠭᠤᠣᠯ ᠰᠡᠳᠦᠪ ᠪᠣᠯᠭᠠᠭᠰᠠᠨ ᠣᠨᠴᠠᠯᠢᠭᠲᠤ ᠰᠣᠶᠣᠯ ᠵᠢᠭᠤᠯᠴᠢᠯᠠᠯ ᠤᠨ | ᠲᠥᠷᠥᠯ ᠵᠦᠢᠯ᠂ ᠰᠣᠳᠣᠨ ᠦᠵᠡᠮᠵᠢ ᠶᠢᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠥᠨᠳᠥᠷ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠷᠢᠶ᠎ᠡ ᠮᠠᠩᠬ᠎ᠠ ᠶᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠬᠤ ᠶᠢ | ᠠᠬᠢᠭᠤᠯᠤᠨ᠎ᠠ᠃ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠡᠷᠡᠰ ᠭᠤᠶᠢᠪᠢᠰᠢ ᠦᠭᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠨ᠎ᠡ᠃ | 1.ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠣᠢ ᠪᠣᠯᠭᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 500 ᠵᠤᠷᠪᠤᠰ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ 4.0︾ ᠬᠡᠪᠯᠡᠯ ᠢ | ᠳᠠᠪᠬᠤᠷᠳᠠᠨ ᠳᠡᠰ ᠲᠡᠪᠰᠢᠭᠦᠯᠵᠦ ᠭᠠᠷᠭᠠᠨ᠎ᠠ᠃ ︽ᠨᠢᠭᠡᠨ ᠲᠠᠮᠠᠭ᠎ᠠ ᠪᠠᠷ ᠬᠢᠨᠠᠨ ᠵᠥᠪᠰᠢᠶᠡᠷᠡᠯ ᠢ ᠬᠠᠮᠢᠶᠠᠷᠬᠤ︾ ᠶᠢ ᠲᠦᠷᠭᠡᠳᠬᠡᠨ ᠠᠬᠢᠭᠤᠯᠵᠤ᠂ ︽ᠳᠥᠷᠪᠡᠨ | ᠭᠦᠢᠴᠡᠳᠭᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ | ᠳᠥᠭᠦᠮᠴᠢᠯᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠮᠥᠩᠬᠡ ᠰᠤᠪᠠᠭ · ᠣᠷᠳᠣᠰ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ 12345 ᠬᠠᠯᠠᠮᠰᠢᠯ ᠤᠲᠠᠰᠤᠨ ᠤ ᠲᠠᠪᠴᠠᠩ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ | ᠪᠠᠷᠢᠮᠵᠢᠶᠡᠳᠤ ᠭᠠᠵᠠᠷ︾ ᠤᠨ ᠥᠭᠡᠷᠡᠴᠢᠯᠡᠯᠲᠡ ᠶᠢ ᠪᠥᠬᠦ ᠬᠦᠷᠢᠶᠡᠨ ᠳᠤ ᠠᠬᠢᠭᠤᠯᠤᠨ᠎ᠠ᠃ | 2.ᠣᠳᠣ ᠦᠶ᠎ᠠ ᠶᠢᠨ ᠵᠠᠮ ᠬᠠᠷᠢᠯᠴᠠᠭ᠎ᠠ ᠪᠠᠷᠡᠭᠠᠨ ᠤ ᠬᠦᠢᠯᠬᠡᠬᠡᠡ ᠤ ᠲᠣᠭᠲᠠᠯᠴᠠᠭ᠎ᠠ ᠶᠢ ᠳᠡᠬᠦᠯᠳᠡᠷᠵᠢᠬᠦᠯᠥᠨ᠎ᠠ᠃ | ᠬᠥᠬᠡᠬᠤᠲᠠ ᠠᠴᠠ ᠪᠣᠭᠤᠲᠤ ᠬᠦᠷᠬᠦ ᠲᠥᠷᠭᠡᠨ ᠤ ᠵᠠᠰᠠᠮᠠᠯ ᠵᠠᠮ᠂ ᠣᠷᠳᠣᠰ ︱ ᠲᠡᠮᠡᠭᠡᠲᠦ ︱ ᠶᠠᠨ ᠠᠨ ᠬᠦᠷᠬᠦ ᠲᠥᠷᠭᠡᠨ ᠤ ᠲᠡᠮᠦᠷ ᠵᠠᠮ᠂ ᠬᠠᠩᠭᠢᠨ | ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠤᠯᠪᠣᠭᠠᠯᠵᠢ ᠵᠢᠢ | ᠠᠨ ︱ ᠳᠤᠮᠳᠠᠲᠤ ᠣᠷᠣᠨ︾ ︽ᠳ᠋ᠥᠩᠱᠧᠩ ᠦᠬᠠᠢ ︱ ᠪᠣᠭᠤᠲᠤ ᠯᠠᠨᠵᠧᠦ ︾ ᠵᠡᠷᠭᠡ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢ ᠰᠠᠭᠠᠳ ᠦᠭᠡᠢ | ᠨᠡᠪᠲᠡᠷᠡᠭᠦᠯᠵᠦ᠂ ᠲᠢᠶᠠᠨ ᠵᠢᠶᠤᠤ ᠠᠭᠠᠷ ᠤᠨ ᠠᠶᠠᠯᠠᠯ ᠤᠨ ᠪᠣᠯᠪᠠᠰᠤᠷᠠᠯ ᠤᠨ ᠲᠥᠪ᠂ ᠠᠭᠠᠷ ᠤᠨ ᠠᠶᠠᠯᠠᠯ ᠤᠨ ᠪᠠᠭᠠᠵᠢ ᠰᠡᠯᠪᠢᠨ ᠵᠠᠰᠠᠬᠤ ᠰᠠᠭᠤᠷᠢᠨ ᠭᠠᠵᠠᠷ ᠢ | ᠪᠠᠶᠢᠭᠤᠯᠵᠤ᠂ ︽ᠭᠤᠤᠯ ᠰᠠᠯᠪᠤᠷᠢ ᠨᠡᠪᠲᠡᠷᠡᠵᠦ᠂ ᠪᠦᠬᠦ ᠲᠣᠣᠷ ᠢ ᠬᠤᠯᠪᠤᠭᠰᠠᠨ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠪᠣᠰᠤᠭ᠎ᠠ ᠴᠣᠭᠴᠠᠲᠤ | ᠵᠠᠮ ᠬᠠᠷᠢᠯᠴᠠᠭᠠᠨ ᠤ ᠲᠣᠤᠷ ᠤᠨ ᠦᠢᠯᠡᠴᠢᠯᠡᠭᠡᠨ ᠤ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠪᠦᠯᠦᠭ ᠰᠢᠨ᠎ᠡ ᠡᠨᠧᠷᠭᠢ ᠶᠢᠨ ᠲᠤᠭᠠᠵᠢᠭᠤᠯᠤᠭᠰᠠᠨ | ᠣᠶᠤᠨᠴᠢ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠷᠢᠰᠢᠭᠤᠯᠤᠨ ᠪᠠᠶᠢᠭᠤᠯᠵᠤ᠂ ᠴᠤᠯᠤ ᠪᠠᠷᠠᠭ᠎ᠠ ᠲᠡᠭᠡᠭᠡᠪᠦᠷᠢ ᠶᠢᠨ ᠠᠭᠠᠷ ᠤᠨ ᠠᠶᠠᠯᠠᠯ ᠢ ᠨᠡᠪᠲᠡᠷᠡᠭᠦᠯᠵᠦ | ᠂ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃ | 3.ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢᠨ ᠪᠠᠬᠢᠯᠡᠯᠲᠡ ᠶᠢ ᠪᠠᠶᠢᠭᠤᠯᠤᠨ᠎ᠠ᠃ | ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠢ ᠶᠢᠨ ᠰᠢᠨ᠎ᠡ ᠵᠠᠮ ᠢ ᠬᠠᠮᠲᠤᠷᠠᠨ ᠪᠠᠶᠢᠭᠤᠯᠬᠤ ᠳᠤ ᠢᠳᠡᠪᠬᠢᠲᠡᠶ ᠠᠭᠤᠰᠤᠯᠴᠠᠵᠤ᠂ ᠠᠭᠠᠷ ᠤᠨ ᠠᠶᠠᠯᠠᠯ ᠤᠨ | ᠪᠣᠭᠤᠮᠲᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠶᠢᠨ ᠡᠭᠡᠯᠵᠢ ᠳ᠋ᠤᠭᠠᠷ ᠢᠶᠠᠨ ᠨᠡᠮᠡᠵᠦ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠥᠲᠥᠭᠡᠨ | ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠣᠷᠣᠨ ᠪᠦᠰᠡ ᠶᠢᠨ ᠨᠡᠭᠡᠭᠡᠯᠳᠡ | ᠬᠢᠵᠦ ᠬᠠᠮᠳᠤᠷᠠᠯᠴᠠᠬᠤ ᠳᠤ ᠬᠦᠨᠵᠡᠭᠡᠢ ᠣᠷᠣᠯᠴᠠᠵᠦ᠂ ᠳᠡᠯᠡᠭᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠡᠯ ᠢ ᠭᠤᠶᠤᠴᠢᠯᠠᠨ ᠡᠷᠬᠢᠯᠡᠵᠦ᠂ ᠣᠷᠣᠰ | ᠮᠣᠩᠭᠤᠯ ᠶᠠᠫᠤᠨ ᠺᠣᠷᠢᠶᠠ ᠪᠤᠯᠤᠨ ᠪᠡᠭᠡᠵᠢᠩ ᠲᠢᠶᠠᠨᠵᠢᠨ ᠾᠧᠪᠸᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠤᠤᠮᠧᠨ ᠵᠡᠷᠭᠡ | ᠣᠯᠥᠰ᠂ ᠭᠠᠵᠠᠷ ᠣᠷᠣᠨ ᠯᠤᠭ᠎ᠠ ᠶᠢᠨ ᠬᠠᠮᠳᠣᠷᠡᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠦ᠂ ᠬᠦᠬᠡᠬᠤᠳᠠ ᠪᠤᠭᠤᠳᠣ ᠣᠷᠳᠣᠰ ᠲᠡᠮᠡᠭᠡᠲᠦ ᠶᠢᠨ ᠬᠤᠳᠡ ᠶᠢᠨ | ᠰᠦᠷᠦᠭᠵᠢᠯ᠂ ᠬᠦᠭᠡᠬᠤᠳᠡ ᠪᠤᠭᠤᠳᠣ ᠣᠷᠳᠣᠰ ᠦᠬᠠᠢ ᠶᠢᠨ ᠨᠢᠭᠡ ᠴᠣᠭᠴᠠᠵᠢᠭᠰᠠᠨ ᠬᠥᠭᠵᠢᠯᠲᠡ ᠳᠤ ᠠᠭᠤᠰᠤᠯᠴᠠᠵᠤ᠂ ᠨᠢᠭᠡ ᠪᠦᠯᠥᠭ ᠪᠡᠯᠭᠡ ᠲᠡᠮᠲᠡᠭ ᠤᠨ | ᠴᠢᠨᠡᠷᠳᠡᠢ ᠬᠠᠮᠳᠣᠷᠡᠯᠴᠠᠭ᠎ᠠ ᠶᠢᠨ ᠳᠥᠷᠦᠯ ᠵᠦᠢᠯ ᠢ ᠰᠦᠪᠡᠭᠴᠢᠯᠡᠨ ᠭᠡᠷᠡᠭᠵᠢᠬᠦᠯᠦᠨ᠎ᠡ᠃ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠠᠷᠪᠢᠲᠠᠢ ᠡᠷᠴᠢᠮᠲᠡᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | 1.ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ 1297 | ᠵᠦᠢᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ ᠬᠡᠷᠡᠭᠵᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠬᠡᠮᠵᠢᠶ᠎ᠡ ᠶᠢ | ᠪᠠᠭᠠᠰᠬᠠᠨ ᠡᠵᠡᠮᠳᠡᠬᠦ ᠶᠢ ᠴᠢᠩᠭᠠᠳᠬᠠᠵᠤ᠂ ᠬᠡᠦᠷᠰᠢᠭᠦᠯᠬᠦ ᠠᠵᠢᠯ ᠲᠥᠷᠥᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠥᠳᠡᠯᠭᠡᠬᠦ ᠬᠦᠴᠦᠨ ᠤ | ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠢ ᠭᠦᠨᠵᠡᠭᠡᠶ ᠵᠠᠰᠠᠬᠤ ᠪᠠ ᠴᠣᠬᠤᠶ᠂ ᠴᠠᠬᠢᠯᠠᠭᠤᠷ ᠴᠢᠯᠠᠭᠤᠨ ᠤ ᠠᠵᠢᠯ ᠲᠥᠷᠥᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ | ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠭᠤᠤᠯ ᠳᠤ ᠣᠷᠤᠬᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠰᠢᠰᠲ᠋ᠧᠮ ᠲᠠᠢ ᠪᠠᠷ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠤᠯᠤᠰ ᠤᠨ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠭᠤᠣᠯ ᠬᠤᠲᠠ ᠶᠢᠨ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | 2.ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠭᠦᠨᠵᠡᠭᠡᠢ ᠠᠬᠢᠭᠤᠯᠤᠨ᠎ᠠ᠃ | ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶ᠎ᠠ ᠪᠠᠷ ᠨᠡᠭᠡᠭᠡᠨ | ᠬᠥᠭᠵᠢᠭᠦᠯᠵᠦ ᠬᠠᠮᠠᠭᠠᠯᠠᠬᠤ ︽ᠨᠢᠭᠡ ᠬᠠᠭᠤᠳᠠᠰᠤ ᠵᠢᠷᠤᠭ︾ ᠢ ᠵᠢᠷᠤᠨ᠎ᠠ᠃ ᠤᠯᠤᠰ ᠤᠨ ︽ᠬᠥᠬᠡᠮᠳᠥᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ | ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠤᠯᠤᠰ ᠤᠨ ︽ᠠᠭᠤᠯᠠ ᠤᠰᠤ ᠤᠢ | ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ︾ ᠬᠠᠮᠠᠭᠠᠯᠠᠨ ᠰᠡᠷᠭᠦᠭᠡᠬᠦ ᠳᠠᠭᠤᠷᠢᠶᠠᠯ ᠦᠵᠡᠭᠦᠯᠬᠦ | ᠢᠨᠵᠧᠨᠧᠷᠢᠩ ᠢ ᠮᠡᠳᠡᠭᠦᠯᠦᠨ ᠬᠡᠷᠡᠭᠵᠢᠭᠦᠯᠵᠦ᠂ ᠶᠢᠰᠦᠳᠦᠭᠡᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠴᠦᠯ ᠤᠨ ᠶᠠᠷᠢᠶᠠᠨ ᠤ ᠲᠠᠪᠴᠠᠩ ᠢ | ᠰᠠᠶᠢᠲᠤᠷ ᠡᠷᠬᠢᠯᠡᠨ᠎ᠡ᠃ ᠬᠠᠲᠤᠨ ᠭᠤᠤᠯ ᠳᠠᠭᠠᠤ ᠠᠮᠢ ᠠᠬᠤᠶ ᠶᠢᠨ ᠬᠤᠩᠭᠢᠯ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ︽ᠠᠷᠪᠠᠨ ᠶᠡᠭᠡ ᠬᠥᠨᠳᠡᠶ︾ | ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ 32.5ᠲᠡᠭᠰᠢ ᠳᠥᠷᠪᠡᠯᠵᠢᠨ ᠺᠢᠯᠣᠮᠧᠲᠷ | ᠪᠡᠶᠡᠯᠡᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠬᠠᠳᠤᠨ ᠭᠤᠤᠯ ᠤᠨ ᠲᠠᠯᠠᠳ ᠬᠤᠰᠢᠭᠤᠨ ᠤ ᠬᠡᠰᠡᠭ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠶᠢ | ᠪᠡᠶᠡᠯᠡᠭᠦᠯᠵᠦ᠂ ᠬᠠᠳᠤᠨ ᠭᠤᠤᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ᠂ ᠡᠯᠡᠰᠦ ᠶᠢ ᠬᠠᠰᠢᠵᠤ ᠤᠰᠤ ᠰᠣᠯᠢᠬᠤ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠭᠤᠤᠯ ᠨᠠᠭᠤᠷ ᠤᠨ ᠳᠠᠷᠤᠭ᠎ᠠ ᠶᠢᠨ ᠳᠦᠷᠢᠮ ᠤᠨ ᠬᠤᠷᠠᠮᠳᠤᠭᠰᠠᠨ ᠵᠢᠱᠢᠶ᠎ᠡ ᠦᠵᠡᠭᠦᠯᠬᠦ ᠲᠥᠷᠥᠯ | ᠵᠦᠢᠯ ᠢ ᠪᠦᠲᠦᠭᠡᠨ ᠪᠠᠶᠢᠭᠤᠯᠵᠤ᠂ ᠬᠠᠳᠤᠨ ᠭᠤᠤᠯ ᠤᠨ ᠠᠮᠤᠷ ᠲᠦᠪᠰᠢᠨ ᠢ ᠪᠠᠲᠤᠯᠠᠨ᠎ᠠ᠃ 3.ᠳᠣᠤᠷ᠎ᠠ ᠨᠡᠭᠦᠷᠡᠰᠦᠲᠥ᠋ᠷᠥᠭᠴᠢᠲᠦ ᠡᠨᠧᠷᠭᠢ ᠠᠷᠪᠢᠯᠠᠬᠤ | ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠡᠮᠬᠢ | ᠵᠢᠷᠤᠮ ᠲᠠᠢ ᠥᠷᠨᠢᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠲᠦᠪᠰᠢᠨ ᠳᠤ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ | ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ CCUS ᠳᠠᠭᠤᠷᠢᠶᠠᠯ ᠦᠵᠡᠭᠦᠯᠬᠦ ᠶᠢ ᠬᠡᠷᠡᠭᠵᠢᠭᠦᠯᠵᠦ᠂ ᠰᠢᠨ᠎ᠡ | ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠪᠠ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠦᠪᠯᠡᠨ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠲᠤᠤᠷ᠎ᠠ | ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠪᠠᠶᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠬᠡᠮᠵᠢᠯᠲᠡ ᠶᠢᠨ ᠲᠤᠷᠰᠢᠯᠲᠠ ᠶᠢᠨ ᠲᠠᠰᠤᠭ ᠢ | ᠡᠬᠢᠯᠡᠭᠦᠯᠦᠨ ᠪᠠᠶᠢᠭᠤᠯᠵᠤ᠂ ᠪᠣᠰᠤᠭ᠎ᠠ ᠳᠥᠷᠪᠡᠯᠵᠢᠨ ᠮᠧᠲᠷ ᠪᠦᠷᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠬᠡᠮᠵᠢᠬᠦ | ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠤᠯᠤᠰ ᠤᠨ ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠯᠲᠠ ᠶᠢ | ᠬᠢᠨᠠᠨ ᠬᠡᠮᠵᠢᠵᠦ ᠦᠨᠡᠯᠡᠨ ᠵᠢᠱᠢᠬᠦ ᠲᠣᠷᠰᠢᠯᠲᠠ ᠶᠢᠨ ᠴᠢᠭ ᠤᠨ ᠬᠤᠲᠠ ᠶᠢ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ︽ᠲᠠᠪᠤ ᠶᠢ ᠲᠤᠶᠢᠯᠪᠦᠷᠢᠲᠠᠢ | ᠪᠠᠶᠢᠴᠠᠭᠠᠬᠤ︾ ᠠᠵᠢᠯᠯᠠᠭ᠎ᠠ ᠶᠢ ᠬᠦᠨᠵᠡᠭᠡᠶᠢᠷᠡᠬᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠤᠢ ᠪᠣᠯᠣᠨ ᠰᠤᠯᠠ ᠲᠠᠯᠪᠢᠵᠤ ᠪᠠᠶᠢᠭ᠎ᠠ ᠭᠠᠵᠠᠷ | ᠰᠢᠷᠤᠢ᠂ ᠨᠡᠬᠡᠬᠡᠯᠳᠡ ᠶᠢᠨ ᠤᠷᠤᠨ ᠤ ︽ᠦᠬᠦᠰᠢᠷᠡᠮᠡᠯ ᠠᠵᠤ ᠠᠬᠤᠢᠢᠯᠠᠯ︾ ᠪᠤᠯᠤᠨ ︽ᠦᠬᠦᠰᠢᠷᠡᠮᠡᠯ ᠲᠦᠷᠦᠯ ᠵᠦᠢᠯ︾ ᠢ ᠲᠦᠷᠭᠡᠳᠭᠡᠨ ᠰᠢᠢᠳᠪᠦᠷᠢᠯᠡᠵᠦ᠂ ︽ | ᠬᠠᠭᠠᠰ ᠳᠤᠲᠠᠭᠤ ᠣᠷᠬᠢᠭᠰᠠᠨ︾ ᠢᠨᠵᠧᠨᠧᠷᠢᠩ ᠢ ᠪᠦᠬᠦᠨ ᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠵᠠᠰᠠᠬᠤ ᠰᠠᠭᠤᠷᠢ ᠮᠥᠩᠭᠦ ᠶᠢ ᠪᠠᠶᠢᠭᠤᠯᠵᠤ᠂ ᠤᠯᠤᠰ ᠤᠨ ᠡᠨᠧᠷᠭᠢ ᠵᠡᠭᠦᠨᠭᠠᠷ ᠤᠨ ᠡᠨᠧᠷᠭᠢ᠂ ᠮᠧᠩ ᠲᠠᠢ᠂ ᠬᠤᠢ ᠨᠧᠩ ᠵᠡᠷᠭᠡ ᠨᠡᠭᠦᠷᠡᠰᠦ ᠴᠠᠬᠢᠯᠭᠠᠨ ᠦᠨᠡᠰᠦ | ᠬᠥᠩᠭᠡᠨᠴᠠᠭᠠᠨ ᠢ ᠨᠢᠭᠡ ᠴᠣᠭᠴᠠᠵᠢᠭᠤᠯᠤᠭᠰᠠᠨ ᠳᠠᠭᠤᠷᠢᠶᠠᠯ ᠦᠵᠡᠭᠦᠯᠬᠦ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ︽ᠬᠠᠶᠠᠭᠳᠠᠮᠠᠯ ᠦᠭᠡᠢ ᠬᠤᠳᠠ︾ ᠶᠢ | ᠪᠦᠲᠦᠭᠡᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ | ᠡᠷᠭᠢᠯᠳᠦᠭᠦᠯᠦᠨ ᠠᠰᠢᠭᠯᠠᠬᠤ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ᠵᠣᠬᠢᠴᠠᠩᠭᠤᠶ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠣᠷᠣᠨ ᠪᠦᠰᠡ ᠶᠢᠨ ᠨᠥᠯᠥᠭᠡᠯᠡᠬᠦ ᠬᠦᠴᠦᠨ ᠠᠯᠳᠠᠷᠰᠢᠯ ᠤᠨ ᠬᠡᠮᠵᠢᠶ᠎ᠡ ᠶᠢ | ᠨᠡᠮᠡᠭᠳᠡᠭᠦᠯᠦᠨ᠎ᠡ᠃ | 1.ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷᠲᠠᠢ᠂ ᠣᠶᠤᠨᠴᠢ ᠬᠤᠳᠠ ᠶᠢ ᠪᠠᠶᠢᠭᠤᠯᠤᠨ᠎ᠠ᠃ | ᠤᠯᠤᠰ ᠤᠨ ᠠᠮᠢ ᠠᠬᠤᠶ ᠶᠢᠨ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠨᠢᠭᠡ ᠪᠦᠯᠦᠭ ᠴᠡᠴᠡᠷᠯᠢᠭᠵᠢᠭᠦᠯᠦᠭᠰᠡᠨ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠠᠭᠤᠷᠢᠶᠠᠯ ᠦᠵᠡᠭᠦᠯᠬᠦ ᠳᠦᠷᠦᠯ ᠵᠦᠢᠯ ᠢ ᠬᠡᠷᠡᠭᠵᠢᠬᠦᠯᠦᠨ᠎ᠡ᠃ ᠰᠢᠨ᠎ᠡ ᠨᠢᠭᠡ ᠡᠭᠡᠯᠵᠢ ᠶᠢᠨ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠵᠦ᠂ ᠤᠯᠤᠰ ᠤᠨ ᠰᠠᠶᠢᠮᠡᠬᠡᠢ ᠬᠤᠲᠠ ᠶᠢᠨ ᠳᠠᠭᠤᠷᠢᠶᠠᠯ ᠦᠵᠡᠭᠦᠯᠬᠦ | ᠬᠤᠲᠠ ᠶᠢ ᠡᠭᠦᠳᠦᠨ ᠪᠠᠶᠢᠭᠤᠯᠵᠤ᠂ ᠨᠢᠭᠡ ᠪᠦᠯᠦᠭ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠳᠦᠷᠦᠯ ᠵᠦᠢᠯ ᠢ ᠬᠡᠷᠡᠭᠵᠢᠭᠦᠯᠵᠦ᠂ ᠬᠤᠳᠠ | ᠪᠠᠯᠭᠠᠰᠤᠨ ᠤ 59 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠤᠨ᠎ᠠ᠃ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠰᠠᠭᠤᠷᠢ ᠲᠠᠪᠴᠠᠩ ᠪᠠ | ᠬᠤᠲᠠ ᠶᠢᠨ ᠣᠶᠤᠨᠴᠢ ᠴᠣᠭᠴᠠ ᠶᠢ ᠪᠠᠶᠢᠭᠤᠯᠵᠤ᠂ ︽ᠲᠣᠭᠠᠴᠢᠯᠠᠭᠰᠠᠨ ᠵᠠᠰᠠᠭ ᠤᠨ ᠣᠷᠳᠣᠨ︾ ᠤ ᠨᠠᠢᠮᠠᠨ ᠶᠡᠭᠡ ᠬᠦᠷᠢᠶ᠎ᠡ ᠴᠠᠷᠠᠭᠠᠨ ᠤ ᠭᠤᠤᠯᠳᠠᠯᠭ᠎ᠠ ᠲᠠᠢ | ᠢᠨᠵᠧᠨᠧᠷᠢᠩ ᠢ ᠬᠡᠷᠡᠭᠵᠢᠬᠦᠯᠦᠨ᠎ᠡ᠃ ᠪᠦᠬᠦ ᠤᠯᠤᠰ ᠤᠨ ᠪᠣᠯᠪᠠᠰᠤᠨ ᠬᠤᠳᠠ ᠪᠠ ᠪᠦᠬᠦ ᠤᠯᠤᠰ ᠤᠨ ᠪᠣᠯᠪᠠᠰᠤᠨ ᠤ ᠨᠡᠶᠢᠲᠡᠯᠢᠭ ᠳᠠᠭᠤᠷᠢᠶᠠᠯ ᠦᠵᠡᠭᠦᠯᠬᠦ ᠬᠤᠳᠠ ᠶᠢ | ᠡᠭᠦᠳᠦᠨ ᠪᠠᠶᠢᠭᠤᠯᠬᠤ ᠶᠢ ᠭᠦᠨᠵᠡᠬᠡᠶᠢᠷᠡᠬᠦᠯᠦᠨᠡ᠃ | 2.ᠰᠢᠶᠠᠨ ᠤ ᠬᠡᠪᠴᠢᠶᠡᠨ ᠤ ᠰᠢᠪᠲᠤᠯᠤᠯᠲᠠ ᠶᠢᠨ ᠴᠢᠨᠠᠷᠲᠠᠶ ᠬᠥᠭᠵᠢᠯᠲᠡ ᠶᠢ ᠠᠬᠢᠭᠤᠯᠤᠨ᠎ᠠ᠃ | ᠳ᠋ᠦᠩᠱᠧᠩ ᠲᠤᠭᠤᠷᠢᠭ ᠳᠡᠭᠡᠳᠦ ᠰᠢᠨ᠎ᠡ ᠮᠡᠷᠭᠡᠵᠢᠯ ᠪᠠ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠣᠬᠢᠴᠠᠯᠳᠤᠭᠤᠯᠤᠨ ᠬᠥᠭᠵᠢᠭᠦᠯᠬᠦ ᠶᠢ ᠳᠡᠮᠵᠢᠵᠦ᠂ | ᠬᠢᠶ᠎ᠠ ᠪᠠᠭᠰᠢ ᠲᠣᠭᠤᠷᠢᠭ ᠪᠥᠬᠦ ᠣᠷᠣᠨ ᠪᠦᠰᠡ ᠶᠢᠨ ᠣᠶᠤᠨᠴᠢ ᠵᠠᠮ ᠬᠠᠷᠢᠯᠴᠠᠭᠠᠨ ᠤ ᠳᠠᠭᠤᠷᠢᠶᠠᠯ ᠦᠵᠡᠭᠦᠯᠬᠦ ᠲᠣᠭᠤᠷᠢᠭ ᠢ ᠪᠠᠶᠢᠭᠤᠯᠬᠤ ᠶᠢ ᠳᠡᠮᠵᠢᠵᠦ᠂ ᠲᠠᠯᠠᠳ | ᠬᠤᠰᠢᠭᠤ ᠳᠤᠮᠳᠠᠳᠤ ᠭᠧᠷᠮᠠᠨ ᠤ 250 ᠨᠠᠷᠢᠯᠢᠭᠵᠢᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠡᠮᠵᠢᠵᠦ᠂ | ᠵᠡᠭᠦᠨᠭᠠᠷ ᠬᠤᠰᠢᠭᠤ ᠣᠳᠤ ᠦᠶ᠎ᠡ ᠶᠢᠨ ᠦᠢᠯᠡᠳᠬᠦ ᠦᠢᠯᠡᠰ ᠤᠨ ᠲᠥᠪᠯᠡᠷᠡᠭᠰᠡᠨ ᠣᠷᠣᠨ ᠢ ᠪᠠᠶᠢᠭᠤᠯᠬᠤ ᠶᠢ ᠳᠠᠮᠵᠢᠵᠦ᠂ ᠦᠦᠰᠢᠨ ᠬᠤᠰᠢᠭᠤ ᠣᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠤᠣᠯᠳᠠᠯᠭᠠᠲᠤ ᠣᠷᠣᠨ ᠢ ᠪᠠᠶᠢᠭᠤᠯᠬᠤ ᠶᠢ ᠳᠠᠮᠵᠢᠵᠦ᠂ ᠡᠵᠡᠨ ᠬᠤᠷᠤᠭ᠎ᠠ ᠬᠤᠰᠢᠭᠤ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠦ᠂ ᠬᠠᠩᠭᠢᠨ ᠬᠤᠰᠢᠭᠤ ᠰᠢᠨ᠎ᠡ | ᠡᠨᠧᠷᠭᠢ ᠳᠤ ᠲᠦᠰᠢᠭᠯᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠭᠵᠢᠭᠦᠯᠬᠦ ᠶᠢ ᠳᠠᠮᠵᠢᠵᠦ᠂ ᠣᠲᠤᠭ ᠬᠤᠰᠢᠭᠤ ᠠᠷᠪᠠᠰ ᠤᠨ ᠨᠣᠣᠯᠤᠭᠤᠷ ᠤᠨ ᠢᠮᠠᠭᠠᠨ ᠤ | ᠤᠳᠤ ᠦᠶ᠎ᠡ ᠶᠢᠨ ᠡᠭᠦᠯᠲᠡᠷ ᠤᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠳᠠᠮᠵᠢᠵᠦ᠂ ᠣᠲᠤᠭ ᠤᠨ ᠡᠮᠦᠨᠡᠲᠦ ᠬᠤᠰᠢᠭᠤ ᠬᠤᠪᠢᠰᠬᠠᠯ ᠤᠨ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠳᠡᠮᠵᠢᠨ᠎ᠡ᠃ | 3.ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃ | ︽ᠨᠢᠭᠡᠳᠦᠭᠡᠷ ᠠᠵᠤ ᠦᠢᠯᠡᠰ ᠢ ᠳᠠᠬᠢᠨ ᠴᠤᠭᠴᠠᠯᠠᠬᠤ︾ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ︽ᠠᠮᠤ ᠪᠤᠳᠠᠭ᠎ᠠ᠂ ᠦᠬᠡᠷ᠂ ᠬᠤᠨᠢ᠂ | ᠰᠠᠭᠠᠯᠢ︾ ᠶᠢᠨ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠪᠤᠶᠢᠵᠢᠭᠤᠯᠤᠨ᠎ᠠ᠃4 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠤᠨ ᠦᠭᠡᠷᠡᠴᠢᠯᠡᠵᠦ᠂ ᠬᠠᠲᠤᠨ ᠭᠤᠤᠯ ᠳᠠᠭᠠᠤ ᠶᠢᠨ ᠵᠠᠭᠤᠨ ᠲᠦᠮᠡᠨ ᠮᠤ᠋ ᠶᠢᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠰᠠᠭᠤᠷᠢᠨ ᠭᠠᠵᠠᠷ ᠢ | ᠪᠠᠶᠢᠭᠤᠯᠤᠨ᠎ᠠ᠃ ᠣᠲᠣ ᠦᠶ᠎ᠡ ᠶᠢᠨ ᠲᠡᠵᠢᠭᠡᠯ ᠡᠪᠡᠰᠦᠨ ᠤ ᠠᠵᠦ ᠦᠢᠯᠡᠰ ᠢ ᠶᠡᠬᠡᠪᠡᠷ ᠬᠦᠭᠵᠢᠭᠦᠯᠦᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠶᠢᠷᠡᠭᠦᠯᠵᠦ᠂ 50 ᠣᠷᠣᠰᠢᠨ ᠰᠠᠭᠤᠷᠢᠰᠢᠵᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠠᠶᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠪᠠᠷ ᠵᠣᠯᠭᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠣᠭᠠᠴᠢᠯᠠᠭᠰᠠᠨ ᠤᠷᠢᠳᠴᠢᠯᠠᠨ | ᠰᠡᠷᠡᠮᠵᠢᠯᠡᠭᠦᠯᠬᠦ ᠲᠠᠪᠴᠠᠩ ᠢ ᠪᠠᠶᠢᠭᠤᠯᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠳᠤ ᠶᠢᠨ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠤᠯᠠᠨ ᠲᠦᠮᠡᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠨ ᠲᠡᠪᠰᠢᠭᠦᠯᠦᠨ᠎ᠡ ᠃ | ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠥᠬᠡᠶ ᠪᠠᠷ ᠪᠠᠲᠤᠯᠠᠨ ᠰᠠᠶᠢᠵᠢᠷᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠦᠨ᠎ᠡ᠃ | 1.ᠠᠵᠢᠯ ᠤᠯᠭᠤᠯᠳᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠣᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠠᠵᠢᠯ ᠤᠯᠭᠤᠯᠳᠠ ᠶᠢ ᠠᠬᠢᠭᠤᠯᠬᠤ ︽ᠲᠠᠪᠤᠨ ᠶᠡᠭᠡ ᠠᠵᠢᠯᠯᠠᠭ᠎ᠠ︾ ᠶᠢ ᠰᠠᠶᠢᠳᠤᠷ ᠦᠷᠨᠢᠭᠦᠯᠵᠦ᠂ ᠬᠤᠲᠠ ᠪᠠᠯᠭᠠᠰᠤᠨ ᠤ 1.8 ᠲᠦᠮᠡᠨ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠠᠵᠢᠯ ᠲᠠᠢ ᠬᠦᠮᠦᠨ ᠦᠭᠡᠢ ᠬᠡᠷ ᠪᠦᠯᠢ ᠦᠭᠡᠢ ᠪᠠᠶᠢᠬᠤ ᠶᠢ ᠪᠠᠲᠤᠯᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ | ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠠᠶᠢᠩᠭᠤᠵᠢᠭᠰᠠᠨ ᠬᠦᠮᠦᠨ ᠬᠡᠷᠡᠭᠯᠡᠬᠦ ᠦᠢᠯᠡᠴᠢᠯᠡᠭᠡ ᠶᠢ | ᠴᠢᠩᠭᠠᠳᠬᠠᠵᠦ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠶ ᠵᠥᠷᠢᠴᠡᠯ ᠢ ᠬᠦᠴᠦᠯᠡᠨ ᠰᠢᠢᠳᠪᠤᠷᠢᠯᠡᠨ᠎ᠡ᠃ ᠠᠳᠠᠯ ᠦᠢᠯᠡᠰ ᠪᠤᠰᠬᠠᠬᠤ ᠳᠠᠭᠠᠭᠠᠯᠳᠠ ᠲᠠᠢ | ᠵᠢᠭᠡᠯᠡᠯᠭᠡ ᠪᠠ ᠳᠡᠮ ᠬᠦᠦ ᠮᠥᠩᠭᠦ ᠶᠢᠨ ᠡᠷᠴᠢᠮ ᠢ ᠴᠢᠩᠭᠠᠳᠬᠠᠵᠦ᠂ ᠠᠮᠢᠳᠤᠯᠢᠭ ᠢᠶᠠᠷ ᠠᠵᠢᠯ ᠣᠯᠬᠤ ᠪᠠ ᠠᠵᠢᠯ ᠣᠯᠬᠤ ᠰᠢᠨ᠎ᠡ ᠬᠡᠯᠪᠡᠷᠢ ᠪᠠᠶᠢᠳᠠᠯ ᠢ ᠲᠡᠮᠵᠢᠨ᠎ᠠ᠃ | ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠠᠯᠢᠩ ᠤᠨ ᠬᠡᠪ ᠤᠨ ᠥᠰᠥᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ | ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ᠎ᠡ᠃ | 2.ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃ | ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ 38 ᠰᠢᠨ᠎ᠡ ᠪᠠᠷ ᠪᠤᠶᠤ ᠥᠭᠡᠷᠡᠴᠢᠯᠡᠵᠦ ᠦᠷᠭᠡᠳᠭᠡᠨ ᠪᠠᠶᠢᠭᠤᠯᠵᠦ᠂ 15000 | ᠰᠤᠷᠤᠯᠭ᠎ᠠ ᠶᠢᠨ ᠳ᠋ᠤᠭᠠᠷ ᠢ ᠨᠡᠮᠡᠭᠳᠡᠭᠦᠯᠵᠦ᠂ ᠨᠢᠭᠡ ᠪᠦᠯᠦᠭ ᠴᠢᠨᠠᠷ ᠰᠠᠶᠢᠲᠠᠶ ᠰᠤᠷᠭᠠᠨ ᠬᠥᠮᠦᠵᠢᠯ ᠤᠨ ᠪᠦᠯᠦᠭᠯᠡᠯ ᠢ ᠰᠢᠨ᠎ᠡ ᠪᠠᠷ ᠪᠠᠶᠢᠭᠤᠯᠤᠨ᠎ᠠ᠃ ᠰᠢᠶᠠᠨ ᠤ | ᠬᠡᠪᠴᠢᠶᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠮᠡᠷᠭᠡᠵᠢᠯ ᠤᠨ 爱享365_365bet官网娱乐_365ba | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠦᠮᠦᠵᠢᠭᠦᠯᠬᠦ ᠠᠵᠢᠯᠯᠠᠭ᠎ᠠ ᠶᠢ ᠦᠷᠨᠢᠭᠦᠯᠵᠦ᠂ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠢ ᠵᠢᠷᠤᠮᠵᠢᠭᠤᠯᠵᠤ᠂ ᠣᠨᠴᠠᠭᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠨᠴᠠᠯᠢᠭᠳᠤ | ᠰᠤᠷᠭᠠᠭᠤᠯᠢ ᠡᠷᠬᠢᠯᠡᠬᠦ᠂ ᠳᠣᠲᠣᠭᠠᠳᠤ ᠠᠭᠤᠯᠬᠤᠨ ᠤ ᠬᠡᠯᠪᠡᠷᠢ ᠪᠠᠷ ᠬᠦᠭᠵᠢᠬᠦ ᠶᠢ ᠳᠠᠮᠵᠢᠵᠦ᠂ 2 ᠠᠵᠦ ᠦᠢᠯᠡᠰ ᠤᠨ ᠳᠡᠭᠡᠳᠦ ᠰᠤᠷᠭᠠᠭᠤᠯᠢ ᠶᠢ ᠰᠢᠨ᠎ᠡ ᠪᠠᠷ | ᠪᠠᠶᠢᠭᠤᠯᠵᠤ᠂ 15 ᠵᠢᠩᠬᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠶᠢ ᠨᠡᠮᠡᠭᠳᠡᠭᠦᠯᠵᠦ᠂ 1 ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ | ᠪᠥᠬᠦᠶ ᠲᠤᠰᠬᠠᠶ ᠮᠡᠷᠭᠡᠵᠢᠯ ᠤᠨ ᠪᠥᠯᠥᠭᠵᠢᠯ ᠢ ᠬᠦᠮᠦᠵᠢᠬᠦᠯᠵᠦ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢ ᠰᠤᠷᠭᠠᠨ ᠬᠥᠮᠦᠵᠢᠯ ᠤᠨ | ᠶᠠᠮᠤᠨ ᠤ ᠵᠢᠩᠬᠢᠨᠢ ᠠᠩᠭᠢ ᠶᠢᠨ ᠵᠢᠭᠠᠨ ᠰᠤᠷᠭᠠᠯᠲᠠ ᠶᠢᠨ ᠦᠨᠡᠯᠡᠨ ᠰᠢᠯᠭᠠᠯᠲᠠ ᠶᠢ ᠳᠠᠮᠵᠢᠭᠤᠯᠬᠤ ᠶᠢ ᠳᠡᠮᠵᠢᠨ᠎ᠡ᠃ ᠦᠪᠦᠷ ᠮᠣᠩᠭᠤᠯ ᠤᠨ ᠡᠨᠧᠷᠭᠢ ᠶᠢᠨ ᠳᠡᠭᠡᠳᠦ | ᠵᠡᠷᠭᠡ ᠶᠢᠨ ᠰᠤᠳᠤᠯᠬᠤ ᠬᠦᠷᠢᠶᠡᠯᠡᠩ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠤᠨ᠎ᠠ᠃ | 3.ᠬᠤᠳᠠ ᠶᠢᠨ ᠠᠷᠠᠳ ᠤᠨ ᠡᠷᠡᠭᠦᠯ ᠮᠡᠨᠳᠤ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ | ᠬᠤᠰᠢᠭᠤ ᠲᠣᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠪᠤᠭᠤᠮᠳᠠ | ᠰᠢᠪᠳᠤᠯᠬᠤ ᠠᠵᠢᠯᠯᠠᠭ᠎ᠠ ᠶᠢ ᠦᠷᠨᠢᠭᠦᠯᠵᠦ᠂ 2 ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠪᠣᠯᠭᠠᠨ ᠲᠡᠰ | ᠲᠡᠪᠰᠢᠭᠦᠯᠦᠨ᠎ᠡ᠃ ᠲᠡᠷᠢᠭᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠲᠠ ᠶᠢᠨ ᠭᠤᠣᠯᠳᠠᠯᠭᠠᠲᠤ ᠡᠮᠨᠡᠯᠭᠡ ᠶᠢᠨ ᠬᠤᠷᠢᠶ᠎ᠠ ᠶᠢᠨ | ᠡᠮᠴᠢᠯᠡᠭᠡᠨ ᠤ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠳᠡᠰ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢ ᠪᠦᠷᠢᠨᠰᠢᠬᠦᠯᠵᠦ᠂ ᠠᠨᠠᠭᠠᠬᠤ | ᠤᠬᠠᠭᠠᠨ ᠤ ᠳᠦᠷᠰᠦ ᠰᠢᠩᠭᠡᠭᠡᠯᠲᠡ ᠶᠢᠨ ᠡᠭᠦᠯᠡᠨ ᠲᠠᠪᠴᠠᠩ ᠢ ᠪᠠᠶᠢᠭᠤᠯᠵᠦ᠂ ᠬᠤᠲᠠ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠭᠤᠷᠪᠠᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢ ᠬᠠᠮᠤᠷᠠᠭᠰᠠᠨ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠴᠢᠨᠠᠷ ᠰᠠᠶᠢᠲᠠᠢ ᠦᠢᠯᠡᠴᠢᠯᠡᠭᠡ ᠶᠢ | ᠦᠨᠳᠦᠰᠦᠨ ᠱᠠᠲᠤᠨ ᠳᠤ ᠣᠷᠤᠭᠤᠯᠬᠤ ᠠᠵᠢᠯᠯᠠᠭ᠎ᠠ ᠶᠢ ᠥᠷᠨᠢᠭᠦᠯᠵᠦ᠂ ᠬᠢᠲᠠᠳ ᠡᠮᠨᠡᠯᠭᠡ ᠶᠢᠨ ᠲᠠᠭᠲᠤ ︵ᠮᠣᠩᠭᠤᠯ ᠡᠮᠨᠡᠯᠭᠡ ᠶᠢᠨ ᠲᠠᠭᠲᠤ︶ ᠶᠢᠨ ᠲᠥᠷᠥᠯ | ᠵᠦᠢᠯ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠦᠰ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ | ᠱᠠᠲᠤᠨ ᠳᠤ ᠡᠪᠡᠳᠴᠢᠨ ᠦᠵᠡᠭᠦᠯᠬᠦ ᠨᠣᠷᠮ᠎ᠠ ᠶᠢ 60%ᠬᠦᠷᠲᠡᠯ᠎ᠡ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ | ᠴᠣᠭᠴᠠ ᠶᠢᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠳᠦᠷᠭᠡᠳᠬᠡᠵᠦ᠂ ᠪᠦᠬᠦ ᠤᠯᠤᠰ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠤᠨ ᠲᠤᠷᠰᠢᠯᠲᠠ ᠶᠢᠨ ᠬᠤᠳᠠ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ | 4.ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠎ᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ ᠦᠵᠡᠭᠦᠯᠦᠯᠭᠡ ᠶᠢ ᠰᠠᠶᠢᠲᠤᠷ ᠡᠷᠬᠢᠯᠡᠵᠦ᠂ ︽ᠲᠠᠩᠰᠤᠭ ᠰᠠᠶᠢᠬᠠᠨ ᠣᠷᠳᠣᠰ︾ | ᠭᠡᠬᠦ ᠠᠷᠠᠳ ᠲᠤ ᠠᠰᠢᠭ ᠬᠦᠷᠲᠡᠭᠡᠬᠦ ᠰᠤᠶᠤᠯ ᠤᠨ ᠰᠢᠷᠢᠰ ᠠᠵᠢᠯᠯᠠᠭ᠎ᠠ ᠶᠢ ᠡᠷᠭᠢᠯᠡᠨ᠎ᠡ᠃ ᠬᠠᠭᠤᠴᠢ ᠰᠤᠳᠤᠯᠤᠯ ᠤᠨ ᠮᠦᠽᠧᠢ ᠶᠢ ᠪᠠᠶᠢᠭᠤᠯᠵᠤ᠂ ︽ | ᠪᠣᠷᠣᠲᠣᠬᠤᠢ ᠶᠢᠨ ᠬᠥᠮᠦᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠢ ᠡᠷᠬᠢᠯᠡᠨ᠎ᠡ᠃ ᠤᠷᠳᠤᠰ ᠮᠦᠽᠧᠶ ᠶᠢᠨ | ᠨᠡᠪᠲᠡᠷᠬᠡᠶ ᠲᠡᠤᠬᠡ ᠶᠢᠨ ᠳᠡᠯᠭᠡᠨ ᠦᠵᠡᠭᠦᠯᠦᠯᠭᠡ᠂ ᠬᠤᠪᠢᠰᠬᠠᠯᠳᠤ ᠲᠡᠤᠬᠡ ᠶᠢᠨ ᠮᠦᠽᠧᠶ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠣᠷᠳᠣᠰ ᠤᠨ ᠤᠷᠠᠨ | ᠵᠢᠷᠤᠭ ᠤᠨ ᠣᠷᠳᠣᠨ ᠢ ᠪᠠᠶᠢᠭᠤᠯᠤᠨ᠎ᠠ᠃ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠨ᠎ᠡ᠃ | 5.ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃ | ᠳᠠᠭᠠᠳᠬᠠᠯ ᠳᠤ ᠤᠨᠤᠪᠴᠢᠳᠠᠢ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ᠂ ᠡᠮ | ᠡᠮᠨᠡᠯᠭᠡ᠂ ᠠᠵᠢᠯ ᠠᠯᠳᠠᠭᠰᠠᠳ ᠤᠨ ᠳᠠᠭᠠᠳᠬᠠᠯ ᠤᠨ ᠪᠠᠲᠤᠯᠠᠬᠤ ᠶᠣᠰᠣᠲᠠᠶ ᠶᠢ ᠨᠢ ᠴᠥᠮ ᠪᠠᠳᠤᠯᠠᠬᠤ ᠶᠢ ᠠᠬᠢᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠦᠯᠵᠢᠶ᠎ᠡ ᠪᠠᠷ ᠲᠠᠰᠤᠯᠤᠨ ᠪᠤᠳᠤᠬᠤ ᠶᠢ ᠪᠡᠶᠡᠯᠡᠭᠦᠯᠦᠨ᠎ᠡ᠃ 1198 ᠢᠵᠢ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠪᠦᠲᠦᠭᠡᠵᠦ᠂ ᠠᠰᠠᠷ ᠲᠤᠰᠢᠶᠠᠬᠤ ᠶᠢ ᠪᠠᠲᠤᠯᠠᠬᠤ᠂ | ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠪᠤᠷᠢᠵᠢᠭᠤᠯᠬᠤ ᠶᠢ ᠪᠠᠳᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ︽ᠨᠠᠰᠤᠲᠠᠶᠢᠴᠤᠳ ᠪᠠ ᠬᠡᠦᠬᠡᠳ︾ | ᠤᠨ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠶᠢᠨ | ᠱᠠᠲᠤᠨ ᠤ ᠨᠠᠶᠢᠳᠠᠨ ᠬᠥᠮᠦᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠡᠬᠢᠯᠡᠨᠪᠠᠶᠢᠭᠤᠯᠤᠨᠠ᠃ ᠣᠨᠴᠠ ᠬᠦᠴᠢᠷᠳᠡᠯ ᠲᠠᠢ ᠬᠥᠮᠦᠰ᠂ ᠵᠡᠮᠳᠡᠭᠴᠦᠳ᠂ | ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠬᠦᠯᠦᠨ᠎ᠡ᠃ | ᠤᠯᠤᠰ ᠤᠨ ᠠᠮᠤᠷ ᠲᠦᠪᠰᠢᠨ ᠤ ᠶᠡᠷᠥᠩᠬᠡᠢ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠯᠡᠨ᠎ᠡ᠃ | 1.ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠰᠢᠯᠢᠳᠡᠭᠵᠢᠭᠦᠯᠵᠦ᠂ ᠱᠠᠲᠤ ᠬᠤᠪᠢᠶᠠᠨ ᠲᠥᠷᠥᠯ ᠬᠤᠪᠢᠶᠠᠨ | ᠬᠠᠮᠢᠶᠠᠷᠬᠤ ᠪᠠ ᠡᠮᠨᠡᠨ ᠵᠠᠰᠠᠬᠤ ᠶᠢ ᠬᠡᠷᠡᠭᠵᠢᠭᠦᠯᠵᠦ᠂ ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢ ᠲᠥᠷᠭᠡᠳᠭᠡᠵᠦ᠂ ᠡᠮᠴᠢᠯᠡᠭᠡᠨ ᠤ ᠡᠬᠢ ᠪᠠᠶᠠᠯᠢᠭ ᠢ | ᠨᠥᠭᠡᠴᠡᠯᠡᠬᠦ ᠪᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠤᠯᠠᠨ ᠲᠦᠮᠡᠨ ᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ ᠣᠳᠣ | ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠭᠠᠷᠭᠠᠬᠤ ᠦᠭᠡᠢ ᠪᠠᠶᠢᠬᠤ ᠬᠤᠷᠢᠭ᠎ᠠ | ᠱᠤᠭᠤᠮ ᠢ ᠪᠠᠳᠤ ᠰᠠᠬᠢᠨ᠎ᠠ᠃ ᠵᠠᠰᠠᠭ ᠤᠨ ᠣᠷᠳᠣᠨ ᠤ ᠥᠷᠢ ᠲᠠᠯᠪᠢᠬᠤ ᠪᠠ ᠪᠡᠯᠡ ᠲᠣᠬᠢᠷᠠᠭᠤᠯᠬᠤ ᠶᠢ ᠵᠢᠷᠤᠮᠵᠢᠭᠤᠯᠵᠤ᠂ ᠥᠷᠢ ᠥᠭᠴᠡᠭᠡ ᠶᠢᠨ ᠬᠢᠵᠠᠭᠠᠷ | ᠲᠤᠭ᠎ᠠ ᠶᠢ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠦ᠂ ᠬᠤᠰᠢᠭᠤ ᠳᠤᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ︽ᠤᠯᠠᠭᠠᠨ ᠱᠤᠭᠤᠮ ᠠᠴᠠ | ᠤᠬᠤᠷᠢᠭᠤᠯᠬᠤ᠂ ᠲᠡᠰ ᠪᠠᠭᠤᠷᠠᠭᠤᠯᠬᠤ᠂ ᠦᠭᠡᠶᠢᠰᠭᠡᠬᠦ︾ ᠶᠢ ᠳᠦᠷᠦᠯ ᠬᠤᠪᠢᠶᠠᠨ ᠠᠬᠢᠭᠤᠯᠵᠦ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠷᠢ ᠥᠭᠴᠡᠭᠡ ᠶᠢ ᠨᠢᠭᠡᠳᠦᠯᠲᠡᠶ ᠲᠥᠯᠥᠪᠯᠡᠨ ᠢᠯᠭᠠᠷᠠᠭᠤᠯᠤᠨ᠎ᠠ᠃ | 2.ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠠᠭᠤᠷᠢᠶᠠᠯ ᠦᠵᠡᠭᠦᠯᠬᠦ ᠬᠤᠳᠠ ᠶᠢ ᠲᠠᠬᠢᠨ ᠡᠭᠦᠳᠦᠨ | ᠪᠠᠶᠢᠭᠤᠯᠬᠤ ᠠᠵᠢᠯ ᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ ᠪᠦᠬᠦ ᠤᠯᠤᠰ ᠤᠨ | ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠳᠠ ᠶᠢᠨ ᠤᠳᠤᠬᠢᠴᠢᠯᠠᠯᠳᠠ ᠶᠢᠨ ᠳᠤᠷᠰᠢᠯᠳᠠ ᠶᠢᠨ ᠴᠢᠭ ᠢ ᠰᠠᠶᠢᠳᠤᠷ ᠠᠳᠬᠤᠵᠦ᠂ ᠵᠠᠬᠢᠳᠠᠯ ᠰᠤᠷᠪᠤᠯᠵᠢᠯᠠᠭ᠎ᠠ ᠶᠢᠨ | ᠬᠡᠷᠡᠭ ᠢ ᠴᠠᠭ ᠲᠤᠬᠠᠶ ᠳᠤᠨᠢ ᠬᠥᠯᠢᠶᠡᠨ ᠠᠪᠴᠤ ᠰᠢᠢᠳᠪᠤᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ ᠰᠢᠢᠳᠪᠤᠷᠢᠯᠡᠵᠦ ᠳᠠᠭᠤᠰᠬᠠᠬᠤ ᠨᠤᠷᠮ᠎ᠠ ᠶᠢ 100% ᠳᠤ | ᠬᠦᠷᠭᠡᠨ᠎ᠡ᠃ ︽ᠲᠠᠪᠤᠨ ᠦᠭᠡᠢ ᠠᠮᠤᠭᠤᠯᠠᠩ ᠨᠡᠶᠢᠭᠡᠮ ᠲᠣᠭᠤᠷᠢᠭ ︵ ᠭᠠᠴᠠᠭ᠎ᠠ ᠲᠣᠰᠬᠤᠨ︶︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠸᠢ | ᠵᠢᠶᠠᠩ ᠶᠦᠨ · ᠣᠶᠤᠨᠴᠢ ᠳᠣᠲᠣᠭᠠᠳᠤ ᠶᠢ ᠬᠠᠮᠠᠭᠠᠯᠠᠬᠤ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠤᠯᠤᠰ ᠤᠨ ᠠᠮᠤᠷ ᠢ | ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠳᠠᠭᠤᠷᠢᠶᠠᠯ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ | 3.ᠤᠯᠠᠨ ᠨᠡᠶᠢᠲᠡ ᠶᠢᠨ ᠠᠮᠤᠷ ᠲᠦᠪᠰᠢᠨ ᠤ ᠪᠠᠳᠤᠯᠠᠭ᠎ᠠ ᠶᠢ ᠴᠢᠩᠭᠠᠳᠬᠠᠨ᠎ᠠ᠃ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠳᠠᠯᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠲᠠᠯᠳᠠ ᠭᠡᠮ ᠢ | ᠪᠠᠶᠢᠴᠠᠭᠠᠨ ᠴᠡᠭᠴᠡᠯᠡᠬᠦ ᠶᠢ ᠭᠦᠨᠵᠡᠭᠡᠶᠢᠷᠡᠭᠦᠯᠵᠦ᠂ ᠣᠨᠴᠠ ᠬᠦᠨᠳᠦ ᠶᠡᠭᠡ ᠡ᠊ᠨᠳᠡᠯ ᠭᠠᠷᠬᠤ ᠶᠢ ᠪᠦᠲᠦᠮᠵᠢᠲᠡᠶ ᠪᠠᠷ ᠬᠤᠷᠢᠭᠯᠠᠨ᠎ᠠ᠃ ᠤᠯᠤᠰ ᠤᠨ ᠢᠳᠡᠭᠡᠨ ᠤ ᠠᠮᠤᠷ | ᠲᠦᠪᠰᠢᠨ ᠤ ᠳᠠᠭᠤᠷᠢᠶᠠᠯ ᠦᠵᠡᠭᠦᠯᠬᠦ ᠬᠤᠲᠠ ᠶᠢ ᠲᠦᠷᠭᠡᠳᠬᠡᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠠᠭᠤᠷ᠂ ᠭᠠᠵᠠᠷ ᠰᠢᠨᠵᠢᠯᠡᠭᠡ᠂ ᠭᠠᠵᠠᠷ ᠬᠥᠳᠡᠯᠦᠯᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠎ᠠ᠃ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ | ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ | ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠩ ᠴᠢᠬᠤᠯᠠᠴᠢᠯᠠᠨ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠢᠯᠭᠠᠭᠤᠯᠢ ᠳᠤ ᠣᠷᠣᠯᠴᠠᠬᠤ ᠵᠠᠮ ᠢᠶᠠᠷ | ᠰᠠᠶᠢᠲᠤᠷ ᠵᠠᠮᠨᠠᠬᠤ ᠳᠤ᠂ ᠵᠠᠰᠠᠭ ᠤᠨ ᠣᠷᠳᠣᠨ ᠤ ᠰᠢᠰᠲ᠋ᠧᠮ ᠨᠢ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠲᠡᠷᠢᠭᠦᠨ ᠤ ᠺᠠᠳ᠋ᠷ ᠤᠨ ᠡᠩᠨᠡᠭᠡ ᠶᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠨ᠂ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ | ᠴᠢᠷᠮᠠᠶᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃ | 1. ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠤᠨ᠎ᠠ᠃ | 2. ᠪᠢᠰᠢᠷᠡᠨ ᠬᠦᠨᠳᠦᠳᠬᠡᠬᠦ ᠰᠡᠳᠬᠢᠯᠭᠡ ᠪᠠᠷ ᠬᠠᠤᠯᠢᠵᠢᠯ ᠤᠨ ᠣᠶᠢᠯᠠᠭᠠᠭᠳᠠᠬᠤᠨ ᠢ ᠭᠦᠨ ᠦᠨᠳᠦᠰᠦᠯᠡᠭᠦᠯᠦᠨ᠎ᠡ᠃ | 3. ᠠᠷᠠᠳ ᠤᠨ ᠲᠥᠯᠦᠭᠡ ᠭᠡᠬᠦ ᠤᠭ ᠰᠠᠨᠠᠭ᠎ᠠ ᠪᠠᠨ ᠪᠠᠳᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠎ᠡ᠃ | 4.ᠲᠡᠮᠡᠴᠡᠯ ᠤᠨ ᠵᠣᠷᠢᠭ ᠰᠠᠨᠠᠭ᠎ᠠ ᠪᠠᠷ ᠠᠵᠢᠯ ᠤᠨ ᠰᠤᠷᠲᠠᠯ ᠢᠶᠠᠨ ᠬᠤᠪᠢᠷᠠᠭᠤᠯᠤᠨ᠎ᠠ᠃ | 5.ᠢᠯᠡ ᠲᠣᠳᠣ ᠣᠪᠣᠷ ᠢᠶᠠᠷ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠰᠠᠬᠢᠨ᠎ᠠ᠃ | | |