ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠵᠠᠯᠠᠭᠤ ᠺᠠᠳ᠋ᠷᠴᠤᠳ ᠤᠨ ᠡ᠊ᠩᠨᠡᠭᠡ ᠶᠢ ᠪᠠᠶᠢᠭᠤᠯᠬᠤ ᠶᠢᠨ ᠲᠥᠯᠥᠭᠡ᠂ ᠵᠡᠭᠦᠨᠭᠠᠷ ᠬᠤᠰᠢᠭᠤ ︽ᠤᠯᠠᠨ | ᠡᠰᠢᠴᠢᠯᠡᠭᠰᠡᠨ ᠪᠣᠯᠪᠠᠰᠤᠷᠠᠯ᠂ ᠪᠠᠶᠢᠩᠭᠤᠵᠢᠭᠰᠠᠨ ᠨᠥᠭᠡᠴᠡᠯᠡᠯ᠂ ᠱᠠᠲᠤᠵᠢᠭᠰᠠᠨ ᠬᠦᠮᠦᠵᠢᠯ︾ ᠳᠤ ᠰᠠᠭᠤᠷᠢᠯᠠᠵᠤ᠂ ᠠᠵᠢᠯ ᠤᠨ ᠠᠷᠭ᠎ᠠ ᠬᠡᠮᠵᠢᠶ᠎ᠠ ᠪᠠᠨ | ᠨᠠᠷᠢᠯᠢᠬᠵᠢᠭᠤᠯᠤᠨ᠂ ᠨᠠᠷᠢᠨ ᠣᠨᠣᠪᠴᠢᠲᠠᠢ ᠠᠷᠭ᠎ᠠ ᠬᠡᠮᠵᠢᠶ᠎ᠠ ᠠᠪᠴᠤ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠺᠠᠳ᠋ᠷ ᠤᠨ ᠡ᠊ᠩᠨᠡᠭᠡᠨ ᠤ ᠪᠠᠶᠢᠭᠤᠯᠤᠯᠲᠠ ᠪᠣᠯᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠵᠠᠯᠠᠭᠤ | ᠺᠠᠳ᠋ᠷᠴᠤᠳ ᠢ ᠬᠥᠮᠦᠵᠢᠭᠦᠯᠬᠦ ᠡᠷᠴᠢᠮ ᠢᠶᠠᠨ ᠴᠢᠩᠭᠠᠳᠬᠠᠵᠤ ᠂ ᠤᠯᠠᠨ ᠲᠦᠷᠦᠯ ᠤᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠵᠢᠭᠦᠯᠵᠦ ᠵᠠᠯᠠᠭᠤ ᠺᠠᠳ᠋ᠷᠴᠤᠳ ᠤᠨ | ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠦᠭᠰᠡᠨ ᠪᠠᠶᠢᠨ᠎ᠠ᠃ | ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠦᠨ᠂ ᠵᠡᠭᠦᠨᠭᠠᠷ ᠬᠤᠰᠢᠭᠤᠨ ᠤ ᠣᠯᠠᠨ ᠡᠰᠢᠲᠦ ᠪᠣᠯᠪᠠᠰᠤᠷᠠᠯ ᠤᠨ ᠲᠠᠪᠴᠠᠩ ᠢ ᠡᠭᠦᠳᠦᠨ ᠪᠠᠶᠢᠭᠤᠯᠵᠤ᠂ ᠤᠨᠤᠯ ᠤᠨ ᠮᠡᠳᠡᠯᠭᠡ᠂ ᠬᠤᠳᠠᠯᠳᠤᠭ᠎ᠠ | ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ᠂ ᠠᠮᠢ ᠠᠬᠤᠢ ᠣᠷᠴᠢᠨ ᠲᠣᠭᠤᠷᠢᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠦᠭᠵᠢᠭᠦᠯᠬᠦ ᠵᠡᠷᠭᠡ | ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠠᠵᠢᠯ ᠤᠨ ᠪᠠᠶᠢᠷᠢ ᠠᠴᠠ ᠪᠠᠨ ᠰᠠᠯᠵᠤ ᠪᠣᠯᠪᠠᠰᠤᠷᠠᠭᠤᠯᠬᠤ᠂ ᠰᠦᠯᠵᠢᠶ᠎ᠠ ᠪᠠᠷ ᠰᠤᠷᠤᠯᠴᠠᠬᠤ᠂ ᠪᠡᠶ᠎ᠡ ᠪᠠᠨ | ᠳᠠᠭᠠᠭᠠᠵᠤ ᠰᠤᠷᠤᠯᠴᠠᠬᠤ᠂ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠬᠤ ᠶᠢ ᠬᠠᠷᠢᠯᠴᠠᠨ ᠨᠥᠬᠦᠪᠥᠷᠢᠯᠡᠭᠰᠡᠨ ᠤᠯᠠᠨ ᠡᠰᠢᠴᠢᠯᠡᠭᠰᠡᠨ ᠪᠣᠯᠪᠠᠰᠤᠷᠠᠯ ᠤᠨ | ᠲᠤᠭᠳᠠᠯᠴᠠᠭ᠎ᠠ ᠶᠢ ᠪᠠᠶᠢᠭᠤᠯᠵᠤ᠂ 2022 ᠣᠨ ᠳᠤ ᠵᠠᠯᠠᠭᠤ ᠺᠠᠳ᠋ᠷᠴᠤᠳ ᠤᠨ ᠠᠩᠬᠢ ᠶᠢ 1 ᠬᠤᠭᠤᠴᠠᠭ᠎ᠠ᠂ ᠰᠠᠯᠠᠭᠠᠨ ᠲᠡᠰ ᠤᠨ ᠺᠠᠳ᠋ᠷ ᠤᠨ ᠬᠢᠴᠢᠶᠡᠯ ᠤᠨ | ᠲᠠᠩᠬᠢᠮ ᠢ 6 ᠬᠤᠭᠤᠴᠠᠭ᠎ᠠ᠂ ︽ᠡᠭᠦᠯᠡᠨ ᠬᠢᠴᠢᠶᠡᠯ ᠤᠨ ᠲᠠᠩᠬᠢᠮ︾ ᠢ 3 ᠬᠤᠭᠤᠴᠠᠭ᠎ᠠ ᠡᠷᠬᠢᠯᠡᠵᠦ᠂ ᠡᠨᠡ ᠨᠢ 200 ᠭᠠᠷᠤᠢ ᠰᠠᠯᠠᠭᠠᠨ ᠲᠡᠰ ᠤᠨ ᠵᠠᠯᠠᠭᠤ ᠺᠠᠳ᠋ᠷ | ᠂ ᠰᠢᠯᠢᠳᠡᠭ ᠵᠠᠯᠠᠭᠤ ᠺᠠᠳ᠋ᠷ ᠢ ᠬᠠᠮᠦᠷᠴᠠᠢ᠃ ᠡᠭᠦᠨ ᠤ ᠬᠠᠮᠲᠤ᠂ ᠪᠡᠭᠡᠵᠢᠩ᠂ ᠱᠠᠩᠬᠠᠢ᠂ ᠭᠤᠸᠠᠩᠳᠦ᠋ᠩ᠂ ᠵᠧᠵᠢᠶᠠᠩ ᠵᠡᠷᠭᠡ ᠬᠥᠭᠵᠢᠭᠰᠡᠨ ᠭᠠᠵᠠᠷ ᠣᠷᠣᠨ ᠤ | ᠰᠠᠶᠢᠨ ᠲᠤᠷᠰᠢᠯᠭ᠎ᠠ ᠰᠠᠶᠢᠨ ᠠᠷᠭ᠎ᠠ ᠲᠠᠢ ᠢᠳᠡᠪᠬᠢᠲᠡᠢ ᠬᠠᠷᠭᠤᠭᠤᠯᠵᠤ᠂ ᠰᠠᠯᠠᠭᠠᠨ ᠲᠡᠰ ᠤᠨ ᠺᠠᠳ᠋ᠷ᠂ ᠵᠠᠯᠠᠭᠤ ᠪᠡᠯᠡᠳᠭᠡᠯ ᠺᠠᠳ᠋ᠷ ᠪᠣᠯᠤᠨ ᠨᠠᠮ ᠵᠠᠰᠠᠭ ᠤᠨ ᠵᠠᠯᠠᠭᠤ | ᠴᠢᠳᠠᠪᠤᠷᠢᠲᠠᠨ ᠢ 6 ᠪᠦᠯᠦᠭ ᠤᠳᠠᠭ᠎ᠠ ᠰᠣᠩᠭᠤᠨ ᠲᠣᠮᠢᠯᠠᠵᠤ ᠭᠠᠳᠠᠭᠰᠢ ᠭᠠᠷᠴᠤ ᠰᠢᠨᠵᠢᠯᠡᠨ ᠪᠠᠶᠢᠴᠠᠭᠠᠯᠭᠠᠵᠤ ᠰᠤᠷᠤᠯᠴᠠᠭᠤᠯᠤᠨ᠂ ᠵᠠᠯᠠᠭᠤ ᠺᠠᠳ᠋ᠷᠴᠤᠳ ᠤᠨ | ᠴᠢᠳᠠᠪᠤᠷᠢ ᠬᠡᠪ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠡᠢ᠃ | ᠵᠠᠯᠠᠭᠤ ᠺᠠᠳ᠋ᠷᠴᠤᠳ ᠤᠨ ᠪᠠᠶᠢᠩᠭᠤ ᠶᠢᠨ ᠴᠢᠨᠠᠷᠲᠠᠶ ᠨᠥᠭᠡᠴᠡᠯᠡᠬᠦ ᠲᠣᠭᠲᠠᠴᠠ ᠶᠢ ᠪᠠᠶᠢᠭᠤᠯᠵᠤ᠂ ︽ᠵᠡᠭᠦᠨᠭᠠᠷ ᠬᠤᠰᠢᠭᠤᠨ ᠤ 2022 ᠣᠨ ᠤ ᠰᠢᠯᠢᠳᠡᠭ | ᠵᠠᠯᠠᠭᠤ ᠺᠠᠳ᠋ᠷ ᠢ ᠲᠣᠬᠢᠷᠠᠭᠤᠯᠬᠤ ᠠᠵᠢᠯ ᠤᠨ ᠲᠥᠰᠦᠯ︾ ᠢ ᠲᠣᠭᠲᠠᠭᠠᠵᠤ᠂ ᠵᠠᠯᠠᠭᠤ ᠺᠠᠳ᠋ᠷ ᠢ ᠲᠣᠬᠢᠷᠠᠭᠤᠯᠬᠤ ᠡᠭᠦᠷᠭᠡ ᠶᠢᠨ ᠪᠢᠴᠢᠭ᠂ ᠵᠠᠮ ᠱᠤᠭᠤᠮ ᠤᠨ | ᠵᠢᠷᠤᠭ ᠢ ᠪᠦᠷᠢᠯᠳᠦᠭᠦᠯᠦᠨ᠂ ᠤᠷᠳᠤ ᠬᠤᠭᠤᠴᠠᠭ᠎ᠠ᠂ ᠳᠤᠮᠳᠠ ᠬᠤᠭᠤᠴᠠᠭ᠎ᠠ᠂ ᠤᠢᠢᠷ᠎ᠠ ᠶᠢᠨ ᠬᠤᠭᠤᠴᠠᠭᠠᠨ ᠳᠤ ᠬᠡᠷᠡᠭᠯᠡᠵᠦ ᠪᠣᠯᠬᠤ ᠪᠠ ᠴᠠᠭ ᠲᠤᠬᠠᠶ ᠳᠤᠨᠢ | ᠣᠷᠣᠨ ᠪᠠᠶᠢᠷᠢ ᠨᠥᠬᠦᠪᠥᠷᠢᠯᠡᠬᠦ 4 ᠲᠦᠷᠦᠯ ᠤᠨ ᠺᠠᠳ᠋ᠷ ᠤᠨ ᠬᠥᠮᠥᠷᠭᠡ ᠶᠢ ᠪᠠᠶᠢᠭᠤᠯᠵᠤ᠂ ᠪᠦᠬᠦᠯᠢ 35 ᠨᠠᠰᠤ ᠣᠷᠴᠢᠮ ᠤᠨ ᠪᠦᠬᠦᠯᠢ ᠡᠳᠦᠷ ᠤᠨ ᠳᠦᠷᠢᠮᠲᠦ | ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠰᠢᠯᠢᠳᠡᠭ ᠵᠠᠯᠠᠭᠤ ᠺᠠᠳ᠋ᠷ ᠢ 100 ᠨᠡᠷᠡᠰ ᠭᠤᠣᠯᠳᠠᠯᠭ᠎ᠠ ᠲᠠᠢ | ᠨᠥᠭᠡᠴᠡᠯᠡᠨ᠂ 33 ᠨᠡᠷᠡᠰ ᠠᠯᠪᠠᠳᠠᠨ ︵ᠰᠣᠩᠭᠤᠨ ᠲᠤᠮᠢᠯᠠᠬᠤ ᠰᠤᠷᠤᠭᠴᠢ︶ ᠢ ᠤᠷᠢᠨ ᠬᠡᠷᠡᠭᠯᠡᠬᠦ ᠪᠠᠷ ᠲᠥᠯᠥᠪᠯᠡᠵᠦ᠂ ᠬᠤᠣᠰ ᠰᠢᠯᠢᠳᠡᠭ ᠲᠡᠰ ᠤᠨ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠢ 38 ᠨᠡᠷᠡᠰ ᠣᠷᠣᠭᠤᠯᠤᠨ ᠠᠪᠴᠢᠷᠠᠵᠤ᠂ ᠵᠠᠯᠠᠭᠤ ᠺᠠᠳ᠋ᠷᠴᠤᠳ ᠢ ᠪᠦᠳᠦᠮᠵᠢᠲᠡᠢ ᠨᠦᠭᠡᠴᠡᠯᠡᠪᠠ᠃ | ᠵᠠᠯᠠᠭᠤ ᠺᠠᠳ᠋ᠷᠴᠤᠳ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ︽ᠵᠡᠭᠦᠨᠭᠠᠷ ᠬᠤᠰᠢᠭᠤᠨ ᠤ ᠺᠠᠳ᠋ᠷᠴᠤᠳ ᠤᠨ ᠲᠦᠷ ᠴᠠᠭ | ᠲᠤᠰᠢᠶᠠᠯ ᠡᠭᠦᠷᠭᠡᠯᠡᠬᠦ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠵᠠᠯᠠᠭᠤ ᠺᠠᠳ᠋ᠷᠴᠤᠳ ᠢ ᠱᠠᠲᠤᠯᠠᠨ ᠬᠥᠮᠦᠵᠢᠭᠦᠯᠵᠦ᠂ ᠤᠯᠠᠨ ᠠᠷᠭ᠎ᠠ | ᠵᠠᠮ ᠢᠶᠠᠷ ᠳᠠᠪᠲᠠᠨ ᠪᠣᠯᠪᠠᠰᠤᠷᠠᠭᠤᠯᠪᠠ᠃ ᠡᠨᠡ ᠵᠢᠯ 50 ᠵᠠᠯᠠᠭᠤ ᠺᠠᠳ᠋ᠷ ᠢ ᠰᠣᠩᠭᠤᠨ ᠲᠣᠮᠢᠯᠠᠵᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠪᠠᠴᠢᠮ ᠪᠡᠷᠬᠡ ᠠᠶᠤᠯ ᠲᠠᠢ ᠬᠦᠨᠳᠦ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠲᠡᠳᠡᠨ ᠢ ᠲᠣᠭᠲᠠᠭᠤᠨ ᠢ ᠬᠠᠮᠠᠭᠠᠯᠠᠬᠤ ᠨᠢᠭᠡᠳᠦᠭᠡᠷ | ᠹᠷᠣᠨᠲ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ᠂ ᠬᠥᠳᠡᠭᠡ ᠲᠣᠰᠬᠤᠨ ᠢ ᠬᠥᠭᠵᠢᠭᠦᠯᠬᠦ ᠭᠤᠣᠯ ᠳᠠᠶᠢᠯᠠᠯᠳᠤᠭᠠᠨ ᠤ ᠲᠠᠯᠠᠪᠤᠷ ᠲᠤ | ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠠ᠂ ᠠᠳᠠᠯᠢ ᠪᠤᠰᠤ ᠠᠵᠢᠯ ᠤᠨ ᠪᠠᠶᠢᠷᠢ ᠳᠤ ᠮᠡᠳᠡᠯᠭᠡ | ᠰᠤᠷᠤᠯᠴᠠᠭᠤᠯᠵᠤ᠂ ᠲᠤᠷᠰᠢᠯᠭ᠎ᠠ ᠶᠢ ᠨᠢ ᠪᠠᠶᠠᠯᠢᠭᠵᠢᠭᠤᠯᠤᠨ᠂ ᠬᠠᠷᠠᠭ᠎ᠠ ᠶᠢ ᠨᠢ ᠥᠷᠭᠡᠳᠭᠡᠪᠡ᠃ ᠲᠣᠰ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ︽ᠵᠡᠭᠦᠨᠭᠠᠷ | ᠬᠤᠰᠢᠭᠤᠨ ᠤ ᠰᠠᠯᠠᠭᠠᠨ ᠤ ᠲᠠᠰ ᠤᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠰᠠᠯᠠᠭᠠᠨ ᠤ | ᠲᠠᠰ ᠤᠨ ᠺᠠᠳ᠋ᠷ ᠢ ᠰᠠᠨᠠᠭᠠᠴᠢᠯᠠᠨ ᠳᠣᠭᠢᠷᠠᠭᠤᠯᠵᠤ ᠳᠠᠩᠰᠠᠯᠠᠬᠤ ᠲᠦᠷᠢᠮ ᠢ ᠬᠡᠷᠡᠭᠵᠢᠭᠦᠯᠦᠨ᠂ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠪᠠ ᠠᠵᠢᠯ ᠦᠢᠯᠡᠰ ᠤᠨ ᠨᠢᠭᠡᠴᠢ ᠨᠢᠭᠡ ᠪᠦᠷᠢ ᠳᠤ ᠨᠠᠭᠠᠳᠤ ᠵᠠᠬ᠎ᠠ ᠳᠠᠭᠠᠨ 30 % ᠶᠢᠨ ᠪᠦᠬᠦᠯᠢ 35 ᠨᠠᠰᠤᠨ ᠠᠴᠠ ᠳᠣᠷᠣᠭᠰᠢᠬᠢ | ᠰᠠᠯᠠᠭᠠᠨ ᠤ ᠲᠠᠰ ᠤᠨ ᠺᠠᠳ᠋ᠷ ᠢ ᠳᠣᠭᠢᠷᠠᠭᠤᠯᠵᠤ ᠂ ᠦᠷᠭᠦᠯᠵᠢᠯᠡᠨ ᠢᠯᠡᠷᠡᠭᠦᠯᠬᠦ᠂ ᠬᠥᠳᠡᠯᠦᠩᠭᠦᠶ ᠪᠠᠷ ᠨᠥᠬᠦᠪᠥᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠣᠶ ᠪᠣᠯᠭᠠᠵᠤ᠂ ᠵᠠᠯᠠᠭᠤ ᠺᠠᠳ᠋ᠷᠴᠤᠳ ᠤᠨ ᠡ᠊ᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠳᠤ ᠪᠠᠲᠤ ᠰᠠᠭᠤᠷᠢ ᠶᠢ ᠲᠠᠯᠪᠢᠵᠠᠢ᠃ |