鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠤᠳᠠ ᠶᠢᠨ ᠵᠠᠰᠠᠭ ᠤᠨ ᠤᠷᠳᠤᠨ 2023 ᠤᠨ ᠤ ᠭᠤᠷᠪᠠᠳᠤᠭᠠᠷ ᠤᠳᠠᠭ᠎ᠠ ᠶᠢᠨ ᠪᠠᠶᠢᠡᠭᠭᠤ ᠶᠢᠨ ᠶᠠᠪᠤᠳᠡᠯ ᠤᠨ ᠬᠤᠷᠡᠯ ᠬᠤᠷᠡᠯᠳᠤᠭᠤᠯᠵᠠᠢ

        爱享365_365bet官网娱乐_365ba

        ᠨᠡᠶᠢᠲᠡᠯᠡᠭᠰᠡᠨ ᠴᠠᠭ᠄
        2023/3/1
             ᠤᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠬᠤᠲᠠ ᠵᠢᠨ‌ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠶᠠᠪᠤᠳᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ‍ᠤ‌ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠬᠤ ᠪᠠᠷ‌‍ᠪᠦ᠋ᠬᠦ ᠬᠦᠴᠦᠨ ᠢᠶᠠᠷ ᠢᠶᠠᠨ ᠴᠢᠷᠮᠠᠶᠢᠵᠤ᠂ ᠥᠨᠳᠥᠷ ᠲᠦᠪᠰᠢᠨ ᠪᠦᠭᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ‌ᠢᠳᠡᠪᠬᠢᠲᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠳᠠᠪᠤᠷᠢᠲᠠᠨ ᠢ ︽ᠤᠷᠢᠨ ᠤᠷᠤᠭᠤᠯᠵᠤ ᠦᠯᠡᠳᠡᠭᠡᠨ ᠬᠡᠷᠡᠭᠯᠡᠬᠦ︾ ᠪᠦᠬᠦ‌‍ᠬᠡᠯᠬᠢᠶ᠎ᠠ ᠶᠢᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠪᠦᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠵᠢ‌‍ᠲ᠋ᠦ᠋ᠷᠭᠡᠳᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠡᠭ ᠤᠨ ᠲᠤᠭ᠎ᠠ ᠪᠦᠷᠢᠳᠭᠡᠯ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠤᠬᠠᠢ‌‍ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠲᠤᠭ᠎ᠠ ᠪᠦᠷᠢᠳᠭᠡᠯ ᠢ ᠬᠠᠭᠤᠷᠮᠠᠭ‌ᠵᠤᠭᠢᠶᠡᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠯᠪᠤᠬᠳᠡᠯ ᠪᠥᠬᠦᠶ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠤᠭ᠎ᠠ ᠪᠦᠷᠢᠳᠭᠡᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ‌‍ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠱᠠᠯᠠᠪᠳᠠᠭᠤᠯᠤᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ‌‍ᠪᠠᠳᠠᠷᠠᠭᠤᠯᠤᠨ᠂ ᠱᠠᠯᠠᠪᠳᠠᠭᠤᠯᠤᠨ ᠬᠦᠢᠴᠡᠳᠭᠡᠵᠤ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ᠂ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠦᠷᠦᠯ ‍ᠤᠨ‌‍ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ‌‍ᠬᠦ ᠠᠬᠢᠭᠤᠯᠬᠤ ᠬᠡᠷᠡᠭᠲᠡᠢ ᠭᠡᠵᠤ ᠴᠢᠬᠤᠯᠡᠴᠢᠯᠡᠪᠡ᠃     ᠬᠤᠷᠠᠯ ᠠᠴᠠ ︽ᠲᠠᠪᠤᠨ ᠶᠡᠭᠡ ᠡᠭᠦᠷᠭᠡ︾᠎ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠵᠠᠢ᠃ᠵᠣᠭᠰᠣᠴᠠ ᠪᠠᠨ ᠦᠨᠡᠨ ᠬᠦ ᠪᠠᠳᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠡᠷᠴᠢᠮᠵᠢᠭᠦᠯᠵᠤ᠂ ᠠᠵᠢᠯ ᠤᠨ ᠳᠤᠬᠢᠷᠠᠭᠤᠯᠤᠯᠳᠠ ᠪᠠᠨ‌‍ᠴᠢᠩᠭᠠᠳᠬᠠᠨ᠂ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠲᠦᠷᠭᠡᠳᠭᠡᠵᠦ᠂ ︽ᠲᠠᠪᠤᠨ ᠶᠡᠭᠡ ᠡᠭᠦᠷᠭᠡ︾᠎ ᠶᠢᠨ ᠨᠡᠩ ᠶᠡᠭᠡ ᠦᠷ᠎ᠡ‌‍ᠪᠦ᠋ᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠭᠤᠣᠯ ᠮᠥᠷᠡᠨ ᠨᠠᠭᠤᠷ ᠪᠦᠷᠢᠳᠤ ᠶᠢᠨ ᠳᠠᠷᠤᠭ᠎ᠠ ᠶᠢᠨ ᠳᠦᠷᠢᠮ ᠤᠨ ᠣᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ‌ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠭᠢᠷᠠᠭᠤᠯᠤᠨ ᠪᠠᠶᠢᠷᠢᠯᠠᠭᠤᠯᠪᠡ᠃ ᠡᠯ᠎ᠠ ᠱᠠᠲᠤᠨ ᠤ ᠭᠤᠣᠯ‌ᠮᠥ᠋ᠷᠡᠨ ᠨᠠᠭᠤᠷ ᠪᠦᠷᠢᠳᠤ ᠶᠢᠨ ᠳᠠᠷᠤᠭ᠎ᠠ ᠨᠠᠷ ᠬᠠᠷᠢᠭᠤᠴᠠᠯᠭᠠᠲᠤ ᠰᠡᠳᠭᠢᠯᠭᠡ᠂ ᠲᠤᠯᠭᠠᠮ ᠰᠡᠳᠭᠢᠯᠭᠡ᠂ ᠡᠭᠦᠷᠭᠡᠲᠦ ᠪᠤᠳᠤᠯ ᠢᠶᠠᠨ ᠦᠨᠡᠨ ᠬᠦ‌‍ᠴᠢᠩᠭᠠᠳᠬᠠᠵᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠠᠷᠭ᠎ᠠ ᠭᠡᠮᠵᠢᠶ᠎ᠠ ᠶᠢᠨ ᠰᠢᠨ᠎ᠡ ᠶᠢ ᠡᠭᠦᠳᠬᠦ᠂ ᠠᠷᠭ᠎ᠠ ᠪᠠᠷᠢᠯ ᠤᠨ ᠰᠢᠨ᠎ᠡ ᠵᠢ‌ᠡᠭᠦᠳᠬᠦ ᠶᠢ ᠴᠢᠩᠭᠠᠳᠬᠠᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠤ ᠪᠠᠶᠢᠳᠡᠯ ᠢ ᠠᠰᠠᠭᠤᠨ ᠯᠠᠪᠯᠠᠬᠤ᠂ ᠭᠤᠣᠯ‌ᠮᠥ᠋ᠷᠡᠨ ᠢ ᠵᠠᠰᠠᠬᠤ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠭᠤᠣᠯ ᠮᠥᠷᠡᠨ ᠨᠠᠭᠤᠷ‌‍ᠪᠦ᠋ᠷᠢᠳᠤ ᠶᠢᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠪᠣᠯᠤᠨ‌‍ᠲ᠋ᠤᠰᠢᠶᠠᠨ ᠥᠭᠴᠦ ᠰᠢᠢᠳᠪᠦᠷᠢᠯᠡᠭᠦᠯᠦᠭᠰᠡᠨ ᠤᠴᠢᠷ ᠶᠠᠪᠤᠳᠡᠯ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠵᠠᠬᠢᠳᠠᠯ ᠰᠤᠷᠪᠤᠯᠵᠢᠯᠠᠯ᠂ ᠬᠢᠨᠠᠨ‌‍ᠪᠤᠳᠤᠯᠳᠠ ᠶᠢᠨ ᠬᠠᠯᠠᠨ ᠰᠠᠶᠢᠵᠢᠷᠠᠭᠤᠯᠬᠤ

        爱享365_365bet官网娱乐_365ba

        ᠵᠡᠷᠭᠡ ᠠᠵᠢᠯ ᠢ ᠰᠤᠳᠤᠯᠤᠨ ᠪᠠᠶᠢᠷᠢᠯᠠᠭᠤᠯᠵᠤ᠂ ᠳᠡᠯᠡᠬᠡᠢ ᠶᠢᠨ ᠲᠡᠰ ᠤᠨ ᠨᠡᠭᠦᠷᠡᠰᠦ ᠬᠢᠮᠢ ᠶᠢᠨ ᠠᠵᠤ‌ᠦᠢᠯᠡᠳᠪᠦᠷᠢ ᠶᠢᠨ ᠠᠵᠤ ᠦᠢᠯᠡᠰ ᠢ ᠴᠤᠬᠴᠠᠯᠠᠬᠤ ᠶᠢ ᠳᠡᠮᠵᠢᠬᠦ ᠠᠷᠭ᠎ᠠ ᠬᠡᠮᠵᠢᠶ᠎ᠠ ᠵᠡᠷᠭᠡ ᠤᠴᠢᠷ ᠶᠠᠪᠤᠳᠠᠯ ᠤᠳ ᠢ ᠰᠤᠳᠤᠯᠵᠠᠢ᠃  
        ᠢᠷᠡᠯᠲᠡ᠄ ᠣᠷᠳᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ