鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠨᠡᠶᠢᠭᠡᠮ ᠤᠨ ᠠᠵᠢᠯ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠮᠠᠨ ᠤ ᠬᠤᠳᠠ ᠳᠤ ᠡᠬᠢᠯᠡᠪᠡ

        爱享365_365bet官网娱乐_365ba

        ᠨᠡᠶᠢᠲᠡᠯᠡᠭᠰᠡᠨ ᠴᠠᠭ᠄
        2023/4/3

        爱享365_365bet官网娱乐_365ba

                ᠤᠶᠢᠷ᠎ᠡ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠤᠷᠳᠤᠰ‌ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠡ ᠠᠴᠠ ᠳᠠᠭᠠᠭᠠᠴᠢᠯᠠᠨ ᠡᠷᠬᠢᠯᠡᠭᠰᠡᠨ ︽ᠲᠠᠪᠤᠨ ᠬᠤᠷᠢᠶ᠎ᠡ ᠬᠤᠯᠪᠣᠭᠠᠯᠠᠨ ᠬᠥᠳᠡᠯᠦᠯᠴᠡᠬᠦ︾᠂ ︽ᠨᠢᠭᠡ ᠬᠡᠤᠬᠡᠳ ᠨᠢᠭᠡ ᠨᠠᠰᠤᠲᠠᠨ︾᠎ ᠢ ᠬᠠᠯᠠᠮᠵᠢᠯᠠᠨ ᠬᠠᠶᠢᠷᠠᠯᠠᠬᠤ ᠶᠢ ᠠᠬᠢᠭᠤᠯᠬᠤ — ᠥᠪᠥᠷ ᠮᠣᠩᠭᠤᠯ ᠤᠨ ᠥᠪᠡᠷᠲᠡᠭᠡᠨ ᠵᠠᠰᠠᠬᠤ‌ᠣᠷᠣᠨ ᠤ 2023 ᠣᠨ ᠤ ᠨᠡᠶᠢᠭᠡᠮ ᠤᠨ ᠠᠵᠢᠯ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠮᠠᠨ ᠤ ᠬᠤᠳᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃          ᠵᠢᠶᠠᠩ ᠬᠤᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠡᠶᠢᠭᠡᠮ ᠤᠨ ᠠᠵᠢᠯ ‍ᠤᠨ‌ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠣᠷᠣᠨ ᠤ ᠠᠷᠠᠳ ᠤᠨ ᠶᠠᠪᠤᠳᠠᠯ ‍ᠤᠨ‌‍ᠰᠢᠰᠲ᠋ᠧᠮ ᠤᠨ ᠬᠢᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠤᠯᠠᠨ ᠡᠰᠢᠴᠢᠯᠡᠨ ᠣᠷᠣᠯᠴᠠᠬᠤ ᠶᠢ ᠪᠠᠷᠢᠮᠲᠠᠯᠠᠵᠤ᠂ ᠪᠦᠬᠦ ᠣᠷᠣᠨ ᠤ ᠨᠡᠶᠢᠭᠡᠮ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠴᠢᠷᠮᠠᠶᠢᠨ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃        ᠵᠢᠶᠠᠩ ᠪᠥᠸᠧ ᠶᠠᠷᠢᠶᠠᠨ ᠳᠠᠭᠠᠨ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ︽ᠲᠠᠪᠤᠨ ᠬᠤᠷᠢᠶ᠎ᠡ ᠬᠤᠯᠪᠣᠭᠠᠯᠠᠨ ᠬᠥᠳᠡᠯᠦᠯᠴᠡᠬᠦ︾᠎ ᠶᠢ ᠰᠢᠨ᠎ᠡ ᠪᠠᠷ ᠡᠭᠦᠳᠴᠦ᠂ ︽ᠨᠢᠭᠡ ᠨᠠᠰᠤᠲᠠᠨ ᠨᠢᠭᠡ ᠬᠡᠤᠬᠡᠳ︾᠎ ᠤᠨ ᠦᠢᠯᠡᠴᠢᠯᠡᠭᠡᠨ ᠤ ᠰᠢᠰᠲ᠋ᠧᠮ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠂ ᠨᠡᠩ ᠤᠯᠠᠨ‌ᠨᠡᠶᠢᠭᠡᠮ ᠤᠨ ᠬᠦᠴᠦᠨ ᠢ ᠠᠭᠤᠳᠠᠯᠵᠤ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠤᠨ᠂ ᠨᠡᠶᠢᠭᠡᠮ ᠤᠨ ᠵᠠᠰᠠᠯᠲᠠ ᠶᠢ ᠠᠬᠢᠭᠤᠯᠵᠤ᠂ ᠬᠠᠶᠢᠷ᠎ᠠ ᠬᠠᠯᠠᠮᠵᠢᠳᠤ ᠬᠤᠳᠠ ᠤᠷᠳᠤᠰ ᠤᠨ ᠵᠣᠯ ᠵᠢᠷᠭᠠᠯ ᠤᠨ ᠲᠡᠪᠢᠰᠬᠢᠷ ᠦᠩᠭᠡ ᠶᠢ ᠨᠡᠩ ᠭᠤᠶᠤ ᠰᠠᠶᠢᠬᠠᠨ᠂ ᠴᠢᠨᠠᠷ ᠴᠢᠨᠰᠠᠭ᠎ᠠ ᠶᠢ ᠨᠡᠩ ᠰᠠᠶᠢᠨ ᠪᠣᠯᠭᠠᠨ᠎ᠠ ᠭᠡᠪᠡ᠃
        ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ