鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠬᠤᠲᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ 2023 ᠣᠨ ᠤ ᠭᠤᠷᠪᠠᠳᠤᠭᠠᠷ ᠤᠳᠠᠭ᠎ᠠ ᠶᠢᠨ ︵ᠥᠷᠭᠡᠳᠭᠡᠭᠰᠡᠨ‌ᠬᠤᠷᠠᠯ ᠬᠤᠷᠠᠯᠳᠤᠭᠤᠯᠵᠡᠢ
        ᠨᠡᠶᠢᠲᠡᠯᠡᠭᠰᠡᠨ ᠴᠠᠭ᠄
        2023/4/3
                ᠤᠶᠢᠷ᠎ᠡ ᠶᠢᠨ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ 2023 ᠣᠨ ᠤ ᠭᠤᠷᠪᠠᠳᠤᠭᠠᠷ ᠤᠳᠠᠭ᠎ᠠ ᠶᠢᠨ︵ᠥᠷᠭᠡᠳᠭᠡᠭᠰᠡᠨ︶ ᠬᠤᠷᠠᠯ ᠬᠤᠷᠠᠯᠳᠤᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠱᠦᠵᠢ ᠳ᠋ᠦ᠋ ᠬᠤᠢ ᠯᠢᠶᠠᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠠᠶ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠥᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ‌ᠤᠯᠤᠰ ᠠᠴᠠ ᠥᠪᠥᠷ ᠮᠣᠩᠭᠤᠯ ᠤᠨ ᠠᠭᠤᠷᠬᠠᠢ ᠶᠢᠨ ᠠᠵᠤ ᠠᠬᠤᠶᠢᠯᠠᠯ ᠳᠤ ᠠᠶᠤᠯ ᠥᠬᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ‌‍ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠨᠠᠶᠢᠳᠠᠪᠤᠷᠢᠵᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠥᠬᠡᠢ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ ᠨᠠᠮ ‍ᠤᠨ‌ᠬᠤᠷᠢᠳᠤᠭᠠᠷ ᠶᠡᠭᠡ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ︽ᠤᠯᠤᠰ ᠤᠨ ᠠᠶᠤᠯ ᠥᠬᠡᠢ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠡᠯ᠎ᠡ ᠲᠥᠷᠥᠯ ᠤᠨ ᠠᠶᠤᠯ ᠥᠬᠡᠢ ᠦᠢᠯᠡᠳᠪᠦᠷᠢᠯᠡᠯ ᠤᠨ ᠮᠡᠳᠡᠯᠭᠡ ᠶᠢ ᠪᠥᠬᠦ ᠲᠠᠯ᠎ᠠ ᠪᠠᠷ ᠰᠤᠷᠤᠯᠴᠠᠵᠤ᠂ ᠠᠮᠤᠷ ᠳᠦᠪᠰᠢᠨ ᠬᠥᠭᠵᠢᠯᠲᠡ ᠶᠢᠨ ᠣᠶᠢᠯᠠᠭᠠᠬᠳᠠᠬᠤᠨ ᠢ ᠤᠯᠠᠮ ᠨᠢᠭᠡ ᠠᠯᠬᠤᠮ ᠪᠠᠲᠤᠳᠬᠠᠨ᠂ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠣᠶᠤᠨᠴᠢ ᠠᠮᠤᠷ ᠲᠦᠪᠰᠢᠨ ᠤ ᠬᠢᠨᠠᠯᠲᠠ‌ᠬᠠᠮᠢᠶᠠᠷᠤᠯᠲᠠ ᠶᠢ ᠡᠷᠴᠢᠮᠵᠢᠬᠦᠯᠤᠨ ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠮᠥᠨ ᠴᠢᠨᠠᠷ ‍ᠤᠨ‌ᠠᠮᠤᠷ ᠲᠦᠪᠰᠢᠨ ᠤ ᠬᠢᠷᠢ ᠳᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠵᠠᠢ᠃        ᠬᠤᠷᠠᠯ ᠠᠴᠠ ︽ᠪᠦᠬᠦ ᠨᠠᠮ ᠤᠨ ᠲᠤᠳᠤᠷ᠎ᠠ ᠪᠠᠶᠢᠴᠠᠭᠠᠨ ᠰᠤᠳᠤᠯᠤᠯᠲᠠ ᠬᠢᠭᠦ ᠶᠢ ᠶᠡᠭᠡ ᠪᠠᠷ ᠥᠷᠨᠢᠭᠦᠯᠭᠦ ᠲᠤᠬᠠᠢ ᠠᠵᠢᠯ ᠤᠨ ᠲᠥᠰᠦᠯ︾᠎ ᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠪᠠᠶᠢᠴᠠᠭᠠᠨ ᠰᠤᠳᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠠᠪᠤᠨ ᠶᠡᠭᠡ ᠡᠭᠦᠷᠭᠡ ᠪᠣᠯᠤᠨ ︽ᠭᠤᠷᠪᠠᠨ ᠲᠦᠷᠪᠡ︾᠎ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠤᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠨ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠤᠯᠲᠠ ᠶᠢ ᠳᠠᠳᠬᠠᠯ ᠪᠣᠯᠭᠠᠨ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠸᠡᠭ ᠤᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ᠃ ᠤᠯᠤᠰ ᠲᠥᠷᠥ ᠵᠢᠨ‌ᠵᠣᠭᠰᠣᠴᠠ ᠪᠠᠨ ᠦᠨᠡᠨ ᠬᠦ ᠪᠠᠳᠤᠳᠬᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠨ᠂ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠪᠠ ᠭᠠᠵᠠᠷ ᠤᠨ ᠪᠦᠬᠦ ᠲᠠᠯ᠎ᠠ ᠶᠢᠨ ᠦᠵᠡᠯᠲᠡ ᠶᠢ ᠪᠤᠶ ᠪᠤᠯᠭᠠᠨ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ᠂ ᠠᠷᠪᠢᠲᠠᠢ ᠡᠷᠴᠢᠮᠯᠢᠭ ᠬᠥᠭᠵᠢᠭᠦᠯᠬᠦ᠂ ᠬᠥᠭᠵᠢᠯᠳᠡ ᠪᠠ ᠠᠷᠠᠳ ᠤᠨ ᠠᠮᠢᠳᠤᠷᠠᠯ ᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠩᠭᠡᠷᠡᠭᠰᠡᠨ ᠵᠢᠯ ᠤᠳ ᠤᠨ ᠡᠯ᠎ᠡ ᠲᠦᠷᠦᠯ ‍ᠤᠨ‌ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠡᠨ ᠰᠠᠶᠢᠵᠢᠷᠠᠭᠤᠯᠬᠤ᠂ ᠬᠠᠳᠤᠨ ᠭᠤᠣᠯ ᠤᠨ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠵᠡᠷᠭᠡ ᠡᠯ᠎ᠡ ᠳᠦᠷᠤᠯ ᠤᠨ ᠠᠵᠢᠯ ᠢ ᠰᠠᠶᠢᠲᠤᠷ ᠠᠳᠬᠤᠵᠤ᠂ ᠨᠠᠷᠢᠯᠢᠬᠵᠢᠭᠤᠯᠤᠨ ᠵᠠᠳᠠᠯᠤᠭᠰᠠᠨ 19 ᠵᠤᠷᠪᠤᠰ ᠪᠣᠳᠠᠲᠠᠢ ᠡᠭᠦᠷᠭᠡ ᠲᠠᠢ ᠬᠠᠷᠢᠴᠠᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠰᠠᠨ︾᠎ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃  

        爱享365_365bet官网娱乐_365ba

        ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ