ᠤᠶᠢᠷ᠎ᠠ ᠶᠢᠨ ᠡᠳᠤᠷ᠂ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨᠠᠬᠤᠢ ᠶᠢᠨ ᠦᠨᠡᠯᠡᠨ | ᠵᠢᠱᠢᠯᠲᠡ ᠶᠢᠨ ᠮᠡᠳᠡᠭᠦᠯᠦᠯᠲᠡ ᠶᠢ ᠨᠡᠶᠢᠲᠡᠯᠡᠵᠦ᠂ ᠣᠷᠳᠣᠰ ᠬᠤᠲᠠ ᠶᠢᠨ ᠣᠯᠤᠭᠰᠠᠨ ᠶᠡᠷᠦᠩᠬᠡᠢ ᠬᠤᠪᠢ ᠨᠢ ᠪᠥᠬᠦᠣᠷᠣᠨ ᠤ 12 ᠠᠶᠢᠮᠠᠭ ᠬᠤᠲᠠ ᠶᠢᠨ ᠳᠣᠲᠣᠷ᠎ᠠ | ᠲᠡᠷᠢᠬᠦᠯᠡᠵᠤ᠂ ᠮᠠᠨ ᠤ ᠬᠤᠲᠠ ᠭᠤᠷᠪᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠦᠨᠡᠯᠡᠨ ᠵᠢᠱᠢᠯᠲᠡ ᠳᠤ | ᠲᠡᠷᠢᠬᠦᠯᠡᠪᠡ᠃ ᠡᠭᠦᠨ ᠳᠤ᠂ ᠭᠦᠢᠴᠡᠳᠭᠡᠯ ᠲᠤᠭ᠎ᠠ ᠶᠢᠨ ᠨᠢᠭᠡ ᠪᠣᠯᠬᠤ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ | ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠭᠰᠠᠨ ᠪᠥᠭᠡᠳ ᠪᠥᠬᠦ 22 ᠭᠦᠢᠴᠡᠳᠭᠡᠯ ᠲᠤᠭ᠎ᠠ ᠶᠢᠨ ᠳᠣᠲᠣᠷ᠎ᠠ᠂ ᠣᠷᠳᠣᠰ ᠬᠤᠲᠠ ᠶᠢᠨ ᠡᠯ᠎ᠡ ᠵᠦᠢᠯ ᠤᠨ | ᠭᠦᠢᠴᠡᠳᠭᠡᠯ ᠲᠤᠭ᠎ᠠ ᠨᠢ ᠴᠥᠮ ᠪᠥᠬᠦ ᠣᠷᠣᠨ ᠤ ᠡᠮᠦᠨ᠎ᠡ 6 ᠨᠡᠷᠡᠰ ᠲᠤ ᠵᠢᠬᠰᠠᠭᠠᠬᠳᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭᠠᠨ ᠤ | ᠶᠠᠪᠤᠳᠠᠯ ᠤᠨ ᠳᠡᠩᠰᠡᠯᠡᠯᠲᠡ᠂ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ ᠵᠡᠷᠭᠡ 19 ᠵᠦᠢᠯ ᠤᠨ ᠭᠦᠢᠴᠡᠳᠭᠡᠯ | ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ 3 ᠨᠡᠷᠡᠰ ᠲᠤ ᠵᠢᠭᠰᠠᠭᠠᠭᠳᠠᠵᠡᠢ᠃ | ᠡᠭᠦᠨ ᠠᠴᠠ ᠭᠠᠳᠠᠨ᠎ᠠ᠂ ᠲᠤᠰ ᠤᠳᠠᠭ᠎ᠠ ᠪᠠᠰᠠ ᠬᠤᠰᠢᠭᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠪᠠᠶᠢᠳᠠᠯ ᠤᠨ ᠨᠡᠷᠡᠰ ᠤᠨ | ᠵᠢᠭᠰᠠᠭᠠᠯᠲᠠ ᠬᠢᠵᠦ᠂ ᠵᠡᠭᠦᠨᠭᠠᠷ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠣᠯᠤᠭᠰᠠᠨ ᠬᠤᠪᠢ ᠨᠢ ᠰᠢᠯᠭᠠᠷᠠᠭᠤᠯᠤᠯᠲᠠ ᠳᠤ ᠣᠷᠣᠯᠴᠠᠭᠰᠠᠨ | 18 ᠬᠤᠰᠢᠭᠤ ᠰᠢᠶᠠᠨ ︵ᠬᠤᠲᠠ︶ ᠤ ᠳᠤᠲᠦᠷᠠ ᠳᠡᠷᠢᠬᠦᠨ ᠳᠤ ᠵᠢᠭᠰᠠᠭᠠᠭᠳᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ ᠤᠨ | ᠳᠡᠩᠰᠡᠯᠡᠯᠲᠡ᠂ ᠢᠨᠵᠧᠨᠧᠷᠢᠩ ᠤᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠭᠦᠯᠬᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ | ᠴᠠᠬᠢᠯᠭᠠᠨ ᠬᠡᠷᠡᠭᠯᠡᠬᠦ ᠤᠰᠤ ᠬᠡᠷᠡᠭᠯᠡᠬᠦ ᠰᠢᠲᠠᠮᠠᠬᠠᠢ ᠬᠡᠶ ᠬᠡᠷᠡᠭᠯᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠤᠨ | ᠵᠠᠭᠤᠷᠠᠯᠳᠤᠭᠠᠨ ᠢ ᠰᠢᠢᠳᠪᠦᠷᠢᠯᠡᠬᠦ ᠵᠡᠷᠭᠡ ᠦᠨᠡᠯᠡᠨ ᠵᠢᠱᠢᠯᠲᠡ ᠶᠢᠨ ᠭᠦᠢᠴᠡᠳᠭᠡᠯ ᠲᠤᠭ᠎ᠠ ᠶᠢᠨ ᠳᠣᠲᠣᠷ᠎ᠠ ᠴᠥᠮ ᠡᠮᠦᠨ᠎ᠡ ᠡᠩᠨᠡᠭᠡᠨ ᠳᠤ ᠵᠢᠭᠰᠠᠭᠠᠭᠳᠠᠬᠰᠠᠨᠪᠠᠶᠢᠨᠠ᠂ | ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠠᠴᠠ ᠬᠤᠰᠢᠭᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠨᠡᠷᠡᠰ ᠤᠨ ᠵᠢᠭᠰᠠᠭᠠᠯᠲᠠ ᠶᠢ ᠠᠩᠬ᠎ᠠ | ᠤᠳᠠᠭ᠎ᠠ ᠬᠢᠵᠦ ᠪᠠᠶᠢᠭ᠎ᠠ ᠶᠠᠪᠤᠳᠠᠯ ᠪᠣᠯᠤᠨ᠎ᠠ᠃ |